ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ 4 ᠬᠤᠲᠠ ᠳᠤ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2024/4/7
     ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠢ ᠦᠨᠳᠦᠰᠦᠯᠡᠨ ᠮᠠᠨ ᠤ ᠣᠷᠣᠨ ᠬᠥᠯᠥᠨ ᠪᠤᠶᠢᠷ ᠬᠤᠳᠠ᠂ ᠲᠦᠩᠯᠢᠶᠣᠣ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ ᠳᠤ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠣᠶᠢᠷ᠎ᠠ ᠳᠤ ᠬᠢᠨᠠᠨ ᠪᠠᠶᠢᠴᠠᠭᠠᠭᠳᠠᠭᠰᠠᠨ ᠬᠤᠲᠠ ᠳᠤ ᠬᠠᠷᠢᠭᠤ ᠲᠤᠰᠬᠠᠪᠠ᠃     ᠥᠪᠡᠷᠲᠡᠭᠡᠨ ᠵᠠᠰᠠᠬᠤ ᠣᠷᠣᠨ ᠤ ᠲᠣᠰ ᠡᠭᠡᠯᠵᠢ ᠶᠢᠨ ᠬᠢᠨᠠᠨ ᠪᠠᠶᠢᠴᠠᠭᠠᠯᠲᠠ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠬᠦ ᠲᠤᠬᠠᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠪᠦᠭᠦ ᠲᠠᠯ᠎ᠠ ᠶᠢᠨ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠥᠷᠨᠢᠭᠦᠯᠵᠦ᠂ ᠭᠤᠣᠯᠳᠠᠭᠤ ︽ᠬᠤᠶᠠᠷ ᠦᠢᠯᠡᠴᠢᠯᠡᠭᠡ︾ ᠶᠢ ᠢᠯᠡᠷᠡᠭᠦᠯᠵᠦ᠂ ︽ᠨᠢᠭᠡ ᠭᠡᠯᠪᠡᠷᠢ ᠪᠠᠨ ᠬᠤᠪᠢᠷᠠᠭᠤᠯᠬᠤ︾ ᠶᠢ ᠪᠡᠶᠡᠯᠡᠭᠦᠯᠪᠡ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠨ ᠪᠠᠶᠢᠴᠠᠭᠠᠬᠤ ᠭᠤᠣᠯᠳᠠᠯᠭ᠎ᠠ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠠᠮᠢ ᠠᠬᠤᠢ ᠶᠢᠨ ᠪᠦᠭᠦ ᠡᠯᠧᠮᠧᠨ᠋ᠲ ᠤᠨ ᠬᠠᠷᠠᠯᠲᠠ ᠪᠠ ᠡᠭᠦᠷᠭᠡ ᠲᠠᠢ ᠬᠠᠷᠭᠤᠭᠤᠯᠤᠨ ᠠᠵᠢᠯ ᠤᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠢᠨᠠᠨ ᠪᠠᠶᠢᠴᠠᠭᠠᠭᠳᠠᠬᠤ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠲᠡᠭᠦᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ︽ᠬᠠᠯᠬᠠᠪᠴᠢ ᠶᠢᠨ ᠪᠠᠶᠢᠭᠤᠯᠤᠯᠲᠠ︾ ᠳᠤ ᠦᠢᠯᠡᠴᠢᠯᠡᠪᠡ᠃ ︽ᠪᠦᠭᠦ ᠡᠯᠧᠮᠧᠨ᠋ᠲ ᠪᠦᠭᠦ ᠲᠠᠯ᠎ᠠ ᠪᠠᠷ ᠵᠠᠰᠠᠬᠤ ᠪᠠᠶᠢᠷᠢᠰᠢᠯ ᠢ ᠪᠤᠢ ᠪᠤᠯᠭᠠᠬᠤ᠂ ᠠᠮᠢ ᠠᠬᠤᠢ ᠶᠢᠨ ᠠᠵᠤ ᠠᠬᠤᠢ ᠶᠢᠨ ᠰᠢᠰᠲ᠋ᠧᠮ ᠢ ᠪᠤᠢ ᠪᠤᠯᠭᠠᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠦᠷᠢᠮ ᠲᠣᠭᠲᠠᠴᠠ ᠶᠢ ᠪᠤᠢ ᠪᠤᠯᠭᠠᠬᠤ︾ ᠱᠠᠭᠠᠷᠳᠠᠯᠭ᠎ᠠ ᠶᠢᠨ ᠲᠣᠭᠤᠷᠢᠨ ᠳᠤ ᠠᠮᠢ ᠠᠬᠤᠢ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠳᠠᠬᠢ ᠲᠣᠪᠤᠶᠢᠮ᠎ᠠ ᠵᠥᠷᠢᠴᠡᠯ ᠪᠠ ᠴᠢᠬᠤᠯᠠ ᠶᠡᠭᠡ ᠠᠰᠠᠭᠤᠳᠠᠯ ᠢ ᠴᠢᠩᠭ᠎ᠠ ᠠᠩᠬᠠᠷᠴᠤ᠂ ᠬᠢᠨᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠦᠨᠡᠨ ᠬᠦ ᠪᠠᠳᠠᠷᠠᠭᠤᠯᠤᠨ᠂ ︽ᠭᠤᠷᠪᠠ ᠶᠢ ᠪᠤᠢ ᠪᠤᠯᠭᠠᠬᠤ︾ ᠳᠤ ᠦᠢᠯᠡᠴᠢᠯᠡᠪᠡ᠃ ᠠᠮᠢ ᠠᠬᠤᠢ ᠶᠢᠨ ︽ᠪᠦᠭᠦ ᠡᠯᠧᠮᠧᠨ᠋ᠲ︾ ᠲᠤ ᠬᠢᠨᠠᠨ ᠪᠠᠶᠢᠴᠠᠭᠠᠯᠲᠠ ᠥᠷᠨᠢᠭᠦᠯᠬᠦ ᠳᠡᠭᠡᠨ ᠲᠠᠯ᠎ᠠ ᠨᠤᠲᠤᠭ ᠣᠢ ᠰᠢᠭᠤᠢ᠂ ᠭᠤᠣᠯ ᠮᠥᠷᠡᠨ ᠨᠠᠭᠤᠷ ᠴᠦᠭᠦᠷᠦᠮ ᠨᠤᠭᠤ ᠭᠠᠵᠠᠷ᠂ ᠲᠠᠷᠢᠶᠠᠨ ᠭᠠᠵᠠᠷ᠂ ᠡᠯᠡᠰᠦᠷᠬᠡᠭᠵᠢᠭᠰᠡᠨ ᠴᠦᠯᠯᠡᠷᠭᠡᠭᠵᠢᠭᠰᠡᠨ ᠭᠠᠵᠠᠷ ᠰᠢᠷᠣᠢ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠠᠭᠠᠷ ᠮᠠᠨᠳᠠᠯ᠂ ᠤᠰᠤ᠂ ᠬᠥᠷᠥᠰᠥᠨ ᠤ ᠪᠣᠬᠢᠷᠳᠤᠯ ᠢ ᠰᠡᠷᠭᠡᠶᠢᠯᠡᠨ ᠵᠠᠰᠠᠬᠤ᠂ ᠠᠵᠤ ᠦᠢᠯᠡᠰ ᠦᠨᠪᠤᠭᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠪᠠᠶᠢᠳᠠᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠪᠠ ᠬᠠᠯᠬᠠᠪᠴᠢ ᠶᠢᠨ ᠠᠯᠪᠠᠨ ᠭᠡᠷ ᠤᠨ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠵᠡᠷᠭᠡ ᠡᠯᠧᠮᠧᠨ᠋ᠲ ᠢ ᠪᠦᠭᠦᠨ ᠢ ᠬᠢᠨᠠᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠪᠦᠭᠦ ᠣᠷᠣᠨ ᠤ ︽ᠶᠡᠭᠡ ᠠᠮᠢ ᠠᠬᠤᠢ︾ ᠶᠢ ᠰᠠᠶᠢᠲᠤᠷ ᠬᠠᠮᠠᠭᠠᠯᠠᠬᠤ ᠠᠵᠢᠯ ᠢ ᠦᠨᠡᠨ ᠬᠦ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠣᠷᠴᠢᠨ ᠲᠣᠭᠤᠷᠢᠨ ᠤ ᠪᠣᠬᠢᠷᠳᠤᠯ ᠢ ᠬᠢᠨᠠᠨ ᠪᠠᠶᠢᠴᠠᠭᠠᠬᠤ ᠪᠠᠷ ᠭᠤᠣᠯᠳᠠᠯᠭ᠎ᠠ ᠪᠤᠯᠭᠠᠵᠤ ᠪᠠᠶᠢᠭᠰᠠᠨ ᠠᠴᠠ ᠠᠮᠢ ᠠᠬᠤᠢ ᠶᠢᠨ ᠰᠢᠰᠲ᠋ᠧᠮ ᠢ ᠬᠢᠨᠠᠨ ᠪᠠᠶᠢᠴᠠᠭᠠᠬᠤ ᠬᠢᠭᠡᠳ ᠪᠣᠬᠢᠷᠳᠤᠯ ᠢ ᠰᠡᠷᠭᠡᠶᠢᠯᠡᠨ ᠵᠠᠰᠠᠬᠤ ᠶᠢ ᠪᠦᠷᠢᠨ ᠪᠦᠷᠬᠦᠭᠦᠯᠬᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠪᠡ᠃     ᠬᠢᠨᠠᠨ ᠪᠠᠶᠢᠴᠠᠭᠠᠯᠲᠠ ᠳᠤ᠂ 4 ᠬᠤᠳᠠ ᠶᠢᠨ ᠬᠢᠨ ᠢᠮᠠᠭᠲᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠡᠷᠬᠡᠪᠰᠢ ᠪᠠᠲᠤ ᠴᠡᠭᠡᠵᠢᠯᠡᠬᠦ ︽ᠤᠯᠤᠰ ᠤᠨ ᠶᠡᠭᠡ ᠶᠠᠪᠤᠳᠠᠯ︾ ᠪᠤᠯᠭᠠᠵᠤ᠂ ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ᠂ ᠨᠡᠩ ᠶᠡᠭᠡ ᠡᠷᠴᠢᠮ ᠢᠶᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠵᠤ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃     ᠬᠢᠨᠠᠨ ᠪᠠᠶᠢᠴᠠᠭᠠᠯᠲᠠ ᠳᠤ᠂ 4 ᠬᠤᠲᠠ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠦᠨᠳᠦᠰᠦᠯᠡᠵᠦ᠂ ᠴᠡᠭᠴᠡᠯᠡᠨ ᠰᠠᠶᠢᠵᠢᠷᠠᠭᠤᠯᠬᠤ ᠲᠥᠰᠥᠯ ᠢ ᠱᠠᠯᠠᠪᠳᠠᠨ ᠰᠤᠳᠤᠯᠤᠨ ᠲᠣᠭᠲᠠᠭᠠᠵᠤ᠂ 30 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠲᠥᠰᠥᠯ ᠪᠣᠯᠣᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠯᠭ᠎ᠠ ᠶᠣᠰᠣᠭᠠᠷ ᠨᠡᠶᠢᠭᠡᠮ ᠳᠤ ᠢᠯᠡ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃        
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ