2024 ᠣᠨ ᠤ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠪᠯᠡᠷᠡᠭᠦᠯᠦᠨ | ᠤᠬᠠᠭᠤᠯᠬᠤ ᠰᠠᠷ᠎ᠠ ᠶᠢᠨ ᠠᠵᠢᠯᠯᠠᠭ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠤᠬᠠᠭᠤᠯᠭ᠎ᠠ ᠶᠢᠨ ᠰᠠᠷ᠎ᠠ ᠨᠢ ︽ᠰᠠᠭᠤᠷᠢ ᠮᠥᠩᠭᠦᠨ ᠤ ᠬᠢᠨᠠᠯᠲᠠ | ᠬᠠᠮᠢᠶᠠᠷᠤᠯᠲᠠ ᠳᠤ ᠬᠠᠮᠲᠤ ᠪᠠᠷ ᠣᠷᠣᠯᠴᠠᠵᠤ ᠣᠯᠠᠨ ᠲᠦᠮᠡᠨ ᠤ ︿ᠠᠮᠢ ᠠᠪᠤᠷᠠᠬᠤ ᠮᠥᠩᠭᠦ﹀ ᠶᠢ ᠰᠠᠶᠢᠲᠤᠷ ᠰᠠᠬᠢᠬᠤ︾ ᠪᠠᠷ ᠰᠡᠳᠦᠪᠯᠡᠵᠦ᠂ ᠣᠯᠠᠨ | ᠲᠦᠮᠡᠨ ᠲᠠᠢ ᠣᠶᠢᠷᠠᠳᠴᠤ᠂ ᠬᠠᠤᠯᠢ ᠴᠠᠭᠠᠵᠠ ᠶᠢ ᠲᠦᠭᠡᠮᠡᠯᠵᠢᠭᠦᠯᠦᠨ ᠰᠤᠷᠤᠯᠴᠠᠬᠤ ᠶᠢ ᠪᠠᠷᠢᠮᠲᠠᠯᠠᠨ᠂ ᠨᠠᠷᠢᠯᠢᠭ ᠣᠨᠣᠴᠠᠲᠠᠢ ᠬᠡᠷᠡᠭᠵᠢᠭᠦᠯᠵᠦ᠂ ᠲᠥᠷᠥᠯ | ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠲᠣᠬᠢᠷᠠᠬᠤ ᠰᠤᠷᠭᠠᠬᠤ ᠶᠢ ᠤᠶᠠᠯᠳᠤᠭᠤᠯᠵᠤ᠂ ᠵᠢᠷᠤᠮᠵᠢᠭᠤᠯᠤᠨ ᠬᠥᠲᠥᠯᠥᠨ | ᠵᠢᠯᠤᠭᠤᠳᠬᠤ ᠶᠢ ᠪᠠᠷᠢᠮᠲᠠᠯᠠᠨ᠂ ᠤᠬᠠᠭᠤᠯᠭ᠎ᠠ ᠶᠢᠨ ᠠᠶᠢᠵᠠᠮ᠂ ᠬᠡᠮᠵᠢᠶ᠎ᠡ᠂ ᠬᠠᠷᠠᠭᠠᠰᠤ ᠪᠠᠨ ᠣᠨᠣᠪᠴᠢᠲᠠᠶ ᠡᠵᠡᠮᠳᠡᠵᠦ᠂ ᠠᠷᠠᠳ ᠣᠯᠠᠨ ᠤ ︽ᠠᠮᠢ | ᠠᠪᠤᠷᠠᠬᠤ ᠮᠥᠩᠭᠦ︾ ᠶᠢ ᠰᠠᠬᠢᠨ ᠬᠠᠮᠠᠭᠠᠯᠠᠭᠰᠠᠨ᠂ ᠡᠮᠴᠢᠯᠡᠭᠡᠨ ᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠬᠤ ᠶᠢ ᠠᠬᠢᠭᠤᠯᠤᠭᠰᠠᠨ᠂ | ᠨᠡᠶᠢᠭᠡᠮ ᠤᠨ ᠲᠥᠪ ᠭᠤᠥᠯᠴᠢ ᠰᠢᠳᠤᠷᠭᠤ ᠶᠣᠰᠣ ᠶᠢ ᠢᠯᠡᠷᠡᠭᠦᠯᠦᠭᠰᠡᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠮᠢᠳᠤᠯᠢᠭ ᠥᠯᠢᠭᠡᠷ ᠢ | ᠰᠠᠶᠢᠲᠤᠷ ᠶᠠᠷᠢᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠥᠬᠦ ᠠᠷᠠᠳ ᠢᠶᠠᠷ ᠢᠶᠠᠨ ᠬᠦᠳᠡᠯᠦᠯᠴᠡᠬᠦ᠂ | ᠬᠥᠮᠥᠨ ᠪᠣᠯᠭᠠᠨ ᠮᠡᠳᠡᠬᠦ᠂ ᠥᠷᠭᠡᠨ ᠢᠶᠠᠷ ᠣᠷᠣᠯᠴᠠᠬᠤ ᠨᠡᠶᠢᠭᠡᠮ ᠤᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠨ᠎ᠠ᠃ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ | ᠳᠡᠳ᠋ ᠲᠣᠪᠴᠢᠶᠠᠨ ᠳᠠᠷᠤᠭ᠎ᠠ ᠬᠤᠤ ᠮᠧᠩ ᠢᠯᠡᠷᠬᠡᠶᠢᠯᠡᠬᠦ ᠳᠤ ᠪᠠᠨ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ | ᠤᠬᠠᠭᠤᠯᠭ᠎ᠠ ᠶᠢ ᠭᠠᠷᠲᠠᠨ ᠭᠦᠢᠴᠡᠳᠬᠡᠬᠦ ᠦᠢᠯᠡᠴᠢᠯᠡᠭᠡ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ᠂ ᠲᠤᠰᠬᠠᠢ ᠴᠡᠭᠴᠡᠯᠡᠨ ᠵᠠᠰᠠᠯᠲᠠ᠂ ᠢᠯᠡᠴᠢᠯᠡᠨ | ᠮᠡᠳᠡᠭᠦᠯᠦᠭᠰᠡᠳ ᠢ ᠱᠠᠩᠨᠠᠬᠤ ᠠᠵᠢᠯ ᠤᠨ ᠪᠥᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ᠂ ᠤᠬᠠᠭᠤᠯᠭ᠎ᠠ ᠪᠠ ᠵᠠᠰᠠᠯᠲᠠ ᠶᠢ ᠵᠡᠷᠭᠡ ᠪᠠᠷ | ᠶᠠᠪᠤᠭᠤᠯᠬᠤ᠂ ᠬᠥᠲᠥᠯᠥᠨ ᠵᠢᠯᠤᠭᠤᠳᠬᠤ ᠪᠠ ᠬᠠᠤᠯᠢ ᠬᠡᠷᠡᠭᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠡᠶᠡᠯᠡᠭᠦᠯᠵᠦ᠂ ᠤᠬᠠᠭᠤᠯᠭ᠎ᠠ ᠪᠠ ᠬᠢᠨᠠᠯᠲᠠ | ᠬᠠᠮᠢᠶᠠᠷᠤᠯᠲᠠ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠳᠤ ᠭᠦᠨᠵᠡᠭᠡᠢ ᠣᠷᠣᠯᠴᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ | ᠬᠡᠷᠡᠭᠲᠡᠢ ᠭᠡᠵᠡᠢ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠭᠠᠰᠢ᠂ ᠣᠯᠠᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠴᠢᠩᠭ᠎ᠠ ᠪᠥᠭᠡᠳ | ᠬᠦᠴᠦᠨ ᠲᠠᠢ᠂ ᠠᠮᠤᠷ ᠲᠦᠪᠰᠢᠨ ᠪᠥᠭᠡᠳ ᠵᠢᠷᠤᠮᠵᠢᠯ ᠲᠠᠢ᠂ ᠬᠠᠤᠯᠢ ᠪᠠᠷ ᠵᠠᠰᠠᠭᠰᠠᠨ ᠥᠨᠳᠥᠷ ᠪᠦᠲᠦᠮᠵᠢᠲᠡᠶ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠬᠡᠷᠡᠭᠯᠡᠯᠲᠡ ᠶᠢᠨ ᠪᠠᠶᠢᠩᠭᠤᠰᠢᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠣᠭᠲᠣ ᠠᠭᠤᠴᠢᠯᠠᠬᠤ | ᠦᠭᠡᠢ ᠣᠪᠣᠷ ᠢᠶᠠᠷ ᠳᠠᠭᠠᠳᠬᠠᠯ ᠤᠨ ᠮᠥᠩᠭᠦ ᠶᠢ ᠮᠡᠬᠡᠯᠡᠨ ᠬᠢᠬᠠᠬᠤ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠰᠢᠯᠵᠢᠭᠦᠯᠦᠨ ᠬᠡᠷᠡᠭᠯᠡᠬᠦ | ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠴᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ | ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠪᠠ᠃ 2023 ᠣᠨ ᠳᠤ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠬᠢᠨ | ᠨᠡᠶᠢᠲᠡ 2.8 ᠲᠦᠮᠡᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠪᠠᠶᠢᠴᠠᠭᠠᠵᠤ᠂ 1.8 ᠳ᠋ᠦᠩᠰᠢᠭᠤᠷ ᠲᠥᠭᠦᠷᠢᠭ ᠤᠨ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢ ᠨᠡᠬᠡᠮᠵᠢᠯᠡᠨ ᠠᠪᠴᠢᠷᠠᠵᠤ᠂ 2243 ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠪᠡ᠃ | |