ᠬᠠᠩᠰᠢ ᠶᠢᠨ ᠠᠮᠠᠷᠠᠯᠲᠠ ᠳᠤ ᠪᠥᠬᠦ ᠣᠷᠣᠨ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ 763.48 ᠲᠦᠮᠡᠨ ᠬᠥᠮᠥᠨ ᠤᠳᠠᠭ᠎ᠠ ᠭᠥᠯᠢᠶᠡᠨ ᠠᠪᠴᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠤᠨ ᠶᠡᠷᠦᠩᠬᠡᠢ ᠵᠠᠷᠤᠳᠠᠯ 50.8 ᠳ᠋ᠦᠩᠰᠢᠭᠤᠷ ᠲᠥᠭᠦᠷᠢᠭ ᠲᠤ ᠬᠥᠷᠪᠡ
ᠨᠡᠶᠢᠲᠡᠯᠡᠭᠰᠡᠨ ᠴᠠᠭ᠄
2024/4/7
     4 ᠳ᠋ᠦ᠋ᠭᠡᠷ ᠰᠠᠷ᠎ᠠ ᠶᠢᠨ 6 ᠤ ᠡᠳᠦᠷ ᠤᠨ ᠣᠷᠣᠢ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠡᠶᠢᠲᠡᠯᠡᠭᠰᠡᠨ ᠮᠡᠳᠡᠭᠡ ᠠᠴᠠ ᠦᠵᠡᠪᠡᠯ᠂ ᠬᠠᠩᠰᠢ ᠶᠢᠨ ᠠᠮᠠᠷᠠᠯᠲᠠ ᠳᠤ ᠪᠥᠬᠦ ᠣᠷᠣᠨ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ ᠨᠡᠶᠢᠲᠡ 763.48 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ 2023 ᠣᠨ ᠤ 2.6 ᠳᠠᠬᠢᠨ᠂ 2019 ᠣᠨ ᠤ 1.87 ᠳᠠᠬᠢᠨ ᠪᠣᠯᠪᠠ︔ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠤᠨ ᠶᠡᠷᠦᠩᠬᠡᠢ ᠵᠠᠷᠤᠳᠠᠯ 50.8 ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠤ 3.57 ᠲᠠᠬᠢᠨ᠂ 2019 ᠣᠨ ᠤ 2.45 ᠲᠠᠬᠢᠨ ᠪᠣᠯᠵᠠᠢ᠃ ᠰᠢᠶᠧ ᠴᠧᠩ ᠰᠦᠯᠵᠢᠶᠡᠨ ᠤ ᠪᠦᠷᠢᠳᠬᠡᠯ ᠢ ᠦᠨᠳᠦᠰᠦᠯᠡᠪᠡᠯ᠂ ᠬᠠᠩᠰᠢ ᠶᠢᠨ ᠦᠶ᠎ᠡ ᠳᠤ ᠥᠪᠥᠷ ᠮᠣᠩᠭᠤᠯ ᠤᠨ ᠵᠢᠭᠤᠯᠴᠢᠯᠠᠯ ᠤᠨ ᠵᠠᠬᠢᠶᠠᠯᠠᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 103% ᠪᠠᠷ ᠨᠡᠮᠡᠭᠳᠡᠵᠦ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠵᠠᠬᠢᠶᠠᠯᠠᠭ᠎ᠠ 3053% ᠪᠠᠷ ᠨᠡᠮᠡᠭᠳᠡᠵᠡᠢ᠃ ᠵᠢᠭᠤᠯᠴᠢᠯᠠᠭᠰᠠᠳ ᠤᠨ ᠭᠤᠣᠯ ᠢᠷᠡᠯᠲᠡ ᠨᠢ ᠪᠡᠭᠡᠵᠢᠩ᠂ ᠴᠠᠩᠱᠠ᠂ ᠱᠠᠩᠬᠠᠢ᠂ ᠲᠢᠶᠠᠨᠵᠢᠨ᠂ ᠱᠧᠨᠶᠠᠩ ᠵᠡᠷᠭᠡ ᠭᠠᠵᠠᠷ ᠪᠣᠯᠣᠨ᠎ᠠ᠃     ᠠᠯᠢᠮ᠎ᠠ ᠶᠢᠨ ᠴᠡᠴᠡᠭ ᠳᠡᠯᠭᠡᠷᠡᠬᠦᠶ᠎ᠡ ᠨᠡᠭᠡᠭᠡᠭᠰᠡᠨ ᠬᠠᠩᠰᠢ ᠢᠷᠡᠵᠦ᠂ ᠠᠯᠤᠰ ᠲᠤ ᠪᠠᠶᠢᠭ᠎ᠠ ᠵᠠᠯᠠᠭᠤᠰ ᠬᠠᠪᠤᠷ ᠢ ᠡᠷᠢᠨ ᠬᠡᠰᠦᠨ᠎ᠡ᠃ ᠬᠠᠩᠰᠢ ᠶᠢᠨ ᠠᠮᠠᠷᠠᠯᠲᠠ ᠳᠤ ᠬᠥᠮᠥᠰ ᠰᠢᠷᠣᠢ ᠨᠡᠮᠡᠬᠦ᠂ ᠳᠤᠷᠠᠰᠤᠨ ᠰᠠᠨᠠᠭᠠᠯᠵᠠᠬᠤ ᠠᠴᠠ ᠭᠠᠳᠠᠨ᠎ᠠ᠂ ᠬᠥᠳᠡᠭᠡ ᠭᠠᠷᠬᠤ᠂ ᠴᠡᠴᠡᠭ ᠰᠣᠨᠢᠷᠬᠠᠬᠤ ᠨᠢ ᠠᠮᠠᠷᠠᠯᠲᠠ ᠶᠢᠨ ᠭᠤᠣᠯ ᠬᠥᠳᠡᠯᠭᠡᠭᠡᠨ ᠪᠣᠯᠵᠤ᠂ ᠪᠦᠬᠦ ᠣᠷᠣᠨ ᠤ ᠡᠯ᠎ᠡ ᠭᠠᠵᠠᠷ ᠤᠳ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠬᠥᠳᠡᠯᠭᠡᠭᠡᠨ ᠪᠡᠯᠡᠳᠬᠡᠵᠦ ︽ᠬᠠᠪᠤᠷ ᠤᠨ ᠠᠵᠤ ᠠᠬᠤᠢ︾ ᠶᠢ ᠠᠬᠢᠭᠤᠯᠪᠠ᠃ 4 ᠳ᠋ᠦ᠋ᠭᠡᠷ ᠰᠠᠷ᠎ᠠ ᠶᠢᠨ ᠡᠬᠢᠨ ᠢᠶᠠᠷ᠂ ᠮᠢᠷᠠᠯᠵᠠᠨ ᠳᠡᠯᠭᠡᠷᠡᠭᠰᠡᠨ ᠲᠤᠭᠤᠷ ᠤᠨ ᠴᠡᠴᠡᠭ ᠨᠢ ᠲᠤᠶᠠᠭ᠎ᠠ ᠰᠢᠭ᠋ ᠳᠤᠷᠳᠤᠩ ᠰᠢᠭ᠋ ᠰᠠᠶᠢᠬᠠᠨ ᠴᠠᠭ ᠢᠶᠠᠷ ᠬᠥᠬᠡᠬᠤᠲᠠ 10 ᠵᠤᠷᠪᠤᠰ ᠴᠡᠴᠡᠭ ᠰᠣᠨᠢᠷᠬᠠᠬᠤ ᠱᠤᠭᠤᠮ ᠭᠠᠷᠭᠠᠵᠤ᠂ ᠡᠭᠦᠨ ᠳᠤ ᠬᠦᠢᠯᠡᠰᠦᠨ ᠤ ᠴᠡᠴᠡᠭ ᠰᠣᠨᠢᠷᠬᠠᠬᠤ ᠱᠤᠭᠤᠮ 4᠂ ᠲᠤᠭᠤᠷ ᠤᠨ ᠴᠡᠴᠡᠭ ᠰᠣᠨᠢᠷᠬᠠᠬᠤ ᠱᠤᠭᠤᠮ 4᠂ ᠲᠤᠭᠤᠷ ᠤᠨ ᠴᠡᠴᠡᠭ᠂ ᠡᠯᠪᠡᠭᠡᠲᠦ ᠰᠣᠨᠢᠷᠬᠠᠬᠤ ᠱᠤᠭᠤᠮ 1᠂ ᠭᠤᠣᠯᠲᠤ ᠪᠣᠷᠣ ᠰᠣᠨᠢᠷᠬᠠᠬᠤ ᠱᠤᠭᠤᠮ 1 ᠶᠢ ᠪᠠᠭᠲᠠᠭᠠᠨ᠎ᠠ᠃ ᠡᠭᠦᠨ ᠤ ᠬᠠᠮᠲᠤ᠂ ᠲᠦᠩᠯᠢᠶᠣᠣ᠂ ᠪᠠᠶᠠᠨᠨᠠᠭᠤᠷ᠂ ᠠᠯᠠᠱᠠ᠂ ᠬᠥᠯᠥᠨ ᠪᠤᠶᠢᠷ ᠵᠡᠷᠭᠡ ᠠᠶᠢᠮᠠᠭ ᠬᠤᠳᠠ ᠨᠤᠭᠤᠳ ᠵᠠᠯᠭᠠᠭ᠎ᠠ ᠵᠠᠯᠭᠠᠭ᠎ᠠ ᠪᠠᠷ ᠴᠡᠴᠡᠭ ᠰᠣᠨᠢᠷᠬᠠᠬᠤ ᠵᠠᠮ ᠱᠤᠭᠤᠮ᠂ ᠴᠡᠴᠡᠭ ᠰᠣᠨᠢᠷᠬᠠᠬᠤ ᠵᠦᠭᠯᠡᠭᠦᠷ ᠭᠠᠷᠭᠠᠵᠤ᠂ ᠵᠢᠭᠤᠯᠴᠢᠯᠠᠭᠰᠠᠳ ᠲᠤ ᠬᠠᠪᠤᠷ ᠤᠨ ᠥᠩᠭᠡ ᠦᠵᠡᠮᠵᠢ ᠶᠢ ᠰᠣᠨᠢᠷᠬᠠᠭᠤᠯᠪᠠ᠃    ᠠᠷᠠᠳ ᠤᠨ ᠵᠠᠩ ᠦᠢᠯᠡ ᠶᠢᠨ ᠲᠣᠭᠯᠠᠯᠲᠠ ᠨᠢ ᠠᠮᠠᠷᠠᠯᠲᠠ ᠶᠢ ᠨᠡᠩ ᠰᠠᠶᠢᠬᠠᠨ ᠢᠶᠠᠷ ᠴᠢᠮᠡᠭᠯᠡᠪᠡ᠃ ᠡᠨᠡ ᠬᠡᠳᠦᠨ ᠡᠳᠦᠷ᠂ ᠬᠥᠬᠡᠬᠤᠲᠠ ᠶᠢᠨ ᠭᠦᠩᠵᠦ ᠶᠢᠨ ᠣᠷᠳᠣᠨ ᠤ ᠴᠡᠴᠡᠷᠯᠢᠭ ᠲᠤ ᠲᠤᠭᠤᠷ ᠤᠨ ᠴᠡᠴᠡᠭ ᠳᠡᠯᠭᠡᠷᠡᠵᠦ᠂ ᠬᠠᠪᠤᠷ ᠤᠨ ᠦᠵᠡᠮᠵᠢ ᠨᠢ ᠲᠤᠭ᠎ᠠ ᠲᠣᠮᠰᠢ ᠦᠭᠡᠢ ᠵᠢᠭᠤᠯᠴᠢᠯᠠᠭᠰᠠᠳ ᠤᠨ ᠠᠩᠬᠠᠷᠤᠯ ᠢ ᠲᠠᠲᠠᠵᠤ᠂ ᠭᠦᠩᠵᠦ ᠶᠢᠨ ᠣᠷᠳᠣᠨ ᠮᠦᠽᠧᠢ ︽ᠬᠠᠪᠤᠷ ᠤᠨ ᠵᠠᠬᠢᠶ᠎ᠠ ᠪᠠᠷ ᠰᠡᠳᠬᠢᠯ ᠢ ᠴᠢᠨᠢ ᠪᠠᠶᠠᠰᠬᠠᠨ᠎ᠠ︾ ᠭᠡᠬᠦ ᠬᠥᠳᠡᠯᠭᠡᠭᠡᠨ ᠥᠷᠨᠢᠭᠦᠯᠵᠦ᠂ ᠵᠢᠭᠤᠯᠴᠢᠯᠠᠭᠰᠠᠳ ᠴᠢᠩᠲ᠋ᠤᠸᠠᠨ ᠪᠠᠷᠢᠬᠤ᠂ ᠴᠠᠭᠠᠰᠤᠨ ᠰᠢᠪᠠᠭᠤ ᠬᠢᠬᠦ᠂ ᠴᠠᠭᠠᠰᠤᠨ ᠰᠢᠬᠦᠷ ᠵᠢᠷᠤᠬᠤ ᠵᠡᠷᠭᠡ ᠪᠠᠷ ᠪᠣᠳᠠᠰ ᠤᠨ ᠪᠤᠰᠤ ᠰᠣᠶᠣᠯ ᠤᠨ ᠥᠪ ᠤᠨ ᠬᠠᠪᠤ ᠴᠡᠩᠭᠡᠯ ᠢ ᠡᠳ᠋ᠯᠡᠵᠦ ᠪᠣᠯᠣᠨ᠎ᠠ᠃ ᠬᠠᠩᠰᠢ ᠶᠢᠨ ᠠᠮᠠᠷᠠᠯᠲᠠ ᠳᠤ᠂ ᠴᠥᠭᠡᠨ ᠪᠤᠰᠤ ᠦᠵᠡᠮᠵᠢ ᠶᠢᠨ ᠣᠷᠣᠨ ᠨᠤᠭᠤᠳ ᠲᠤ ᠪᠣᠳᠠᠰ ᠤᠨ ᠪᠤᠰᠤ ᠰᠣᠶᠣᠯ ᠤᠨ ᠥᠪ ᠤᠨ ᠲᠣᠭᠯᠠᠯᠲᠠ ᠭᠠᠷᠭᠠᠵᠤ᠂ ᠵᠢᠭᠤᠯᠴᠢᠯᠠᠭᠰᠠᠳ ᠲᠤ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠪᠡ᠃    ᠬᠠᠩᠰᠢ ᠶᠢᠨ ᠦᠶ᠎ᠡ ᠪᠠᠷ ᠡᠪᠡᠰᠦ ᠮᠣᠳᠣ ᠨᠠᠬᠢᠶᠠᠯᠠᠭᠰᠠᠨ ᠨᠢ ᠰᠤᠳᠤᠯᠤᠨ ᠰᠣᠷᠣᠯᠴᠠᠬᠤ ᠬᠥᠳᠡᠯᠭᠡᠭᠡᠨ ᠥᠷᠨᠢᠭᠦᠯᠬᠦ ᠳᠤ ᠮᠠᠰᠢ ᠲᠣᠬᠢᠷᠠᠮᠵᠢᠲᠠᠢ᠃ ᠣᠶᠢᠯᠠᠭᠠᠭᠰᠠᠨ ᠢᠶᠠᠷ᠂ 4 ᠳ᠋ᠦ᠋ᠭᠡᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ ᠥᠷᠲᠡᠭᠡ ᠶᠢᠨ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠨᠢ ᠬᠢᠯᠢ ᠪᠠᠷ ᠣᠷᠣᠵᠤ ᠭᠠᠷᠬᠤ ᠬᠥᠮᠥᠰ ᠢ ᠨᠡᠶᠢᠲᠡ 1.1049 ᠲᠦᠮᠡᠨ ᠬᠥᠮᠥᠨ ᠤᠳᠠᠭ᠎ᠠ ᠪᠠᠶᠢᠴᠠᠭᠠᠨ ᠥᠩᠭᠡᠷᠡᠭᠦᠯᠵᠦ᠂ ᠪᠣᠭᠤᠮᠲᠠ ᠶᠢ ᠰᠡᠷᠭᠦᠭᠡᠭᠰᠡᠨ ᠠᠴᠠ ᠨᠠᠭᠠᠰᠢᠬᠢ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ᠃ ᠡᠷᠢᠶᠡᠨ ᠬᠤᠲᠠ ᠶᠢᠨ ᠪᠣᠭᠤᠮᠲᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ 4 ᠳ᠋ᠦ᠋ᠭᠡᠷ ᠰᠠᠷ᠎ᠠ ᠳᠤ ᠮᠣᠩᠭᠤᠯ ᠤᠯᠤᠰ ᠤᠨ ᠰᠤᠷᠭᠠᠭᠤᠯᠢ ᠨᠤᠭᠤᠳ 10 ᠡᠳᠦᠷ ᠤᠨ ᠬᠠᠪᠤᠷ ᠤᠨ ᠠᠮᠠᠷᠠᠯᠲᠠ ᠲᠠᠯᠪᠢᠭᠰᠠᠨ ᠨᠢ ᠶᠠᠭ ᠰᠠᠶᠢᠬᠠᠨ ᠳᠤᠮᠳᠠᠳᠤ ᠤᠯᠤᠰ ᠤᠨ ᠬᠠᠩᠰᠢ ᠶᠢᠨ ᠠᠮᠠᠷᠠᠯᠲᠠ ᠲᠠᠢ ᠲᠣᠬᠢᠶᠠᠯᠳᠤᠵᠤ᠂ ᠬᠢᠯᠢ ᠶᠢᠨ ᠪᠣᠭᠤᠮᠲᠠ ᠳᠤ ᠬᠢᠯᠢ ᠠᠯᠤᠰᠯᠠᠭᠰᠠᠨ ᠵᠢᠭᠤᠯᠴᠢᠯᠠᠯ ᠤᠨ ᠣᠷᠭᠢᠯ ᠦᠶ᠎ᠡ ᠶᠢ ᠤᠭᠲᠤᠪᠠ᠃ ᠣᠶᠢᠷ᠎ᠠ ᠳᠤ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠬᠢᠯᠢ ᠪᠠᠷ ᠣᠷᠣᠵᠤ ᠭᠠᠷᠬᠤ ᠤᠷᠤᠰᠬᠠᠯ ᠤᠨ ᠬᠡᠮᠵᠢᠶ᠎ᠡ ᠥᠨᠳᠥᠷ ᠪᠠᠶᠢᠷᠢ ᠪᠠᠨ ᠦᠷᠭᠦᠯᠵᠢᠯᠡᠨ ᠪᠠᠲᠤᠯᠠᠬᠤ ᠪᠣᠯᠣᠨ᠎ᠠ᠃    ᠰᠣᠶᠣᠯ ᠤᠨ ᠥᠩᠭᠡᠷᠡᠭᠡᠯᠲᠡ ᠲᠠᠢ ᠤᠶᠠᠯᠳᠤᠭᠤᠯᠤᠨ᠂ ᠴᠥᠭᠡᠨ ᠪᠤᠰᠤ ᠰᠣᠶᠣᠯ ᠤᠨ ᠦᠵᠡᠰᠬᠦᠯᠡᠩ ᠤᠨ ᠲᠠᠯᠠᠪᠠᠶ ᠣᠷᠳᠣᠨ ᠳᠤ ᠥᠪᠡᠷᠮᠢᠴᠡ ᠣᠨᠴᠠᠯᠢᠭ ᠲᠠᠢ ᠦᠢᠯᠡᠴᠢᠯᠡᠭᠡ ᠬᠠᠩᠭᠠᠪᠠ᠃ ᠥᠪᠥᠷ ᠮᠣᠩᠭᠤᠯ ᠮᠦᠽᠧᠢ ᠬᠤᠪᠢᠰᠬᠠᠯ ᠤᠨ ᠦᠵᠡᠭᠦᠯᠭᠡ ᠶᠢᠨ ᠲᠤᠰᠬᠠᠢ ᠱᠤᠭᠤᠮ ᠤᠨ ᠲᠠᠶᠢᠯᠤᠮᠵᠢ᠂ ︽ᠴᠠᠭᠠᠰᠤᠨ ᠰᠢᠪᠠᠭᠤ ᠵᠢᠷᠤᠬᠤ︾ ᠬᠠᠪᠤᠷ ᠢᠶᠠᠷ ᠪᠣᠳᠠᠰ ᠤᠨ ᠪᠤᠰᠤ ᠰᠣᠶᠣᠯ ᠤᠨ ᠥᠪ ᠢ ᠰᠤᠳᠤᠯᠤᠨ ᠰᠣᠷᠣᠯᠴᠠᠬᠤ ᠥᠩᠭᠡᠷᠡᠭᠡᠯᠲᠡ᠂ ᠡᠭᠦᠯᠡᠨ ᠳᠡᠭᠡᠷᠡᠬᠢ ᠬᠠᠩᠰᠢ ᠁ ᠤᠯᠠᠨ ᠵᠦᠢᠯ ᠤᠨ ᠭᠤᠣᠯ ᠰᠡᠳᠦᠪᠲᠦ ᠬᠥᠳᠡᠯᠭᠡᠭᠡᠨ ᠥᠷᠨᠢᠭᠦᠯᠵᠦ ᠦᠵᠡᠭᠴᠢᠳ ᠤᠨ ᠠᠩᠬᠠᠷᠤᠯ ᠢ ᠲᠠᠲᠠᠪᠠ᠃ ᠣᠯᠠᠨ ᠢᠶᠠᠷ ᠢᠶᠠᠨ ᠮᠦᠽᠧᠢ ᠳᠤ ᠬᠠᠩᠰᠢ ᠶᠢᠨ ᠡᠳᠦᠷ ᠤᠨ ᠵᠠᠩ ᠳᠠᠳᠬᠠᠯ ᠢ ᠡᠷᠭᠢᠴᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠲᠠᠢ ᠣᠶᠢᠷᠠᠲᠤᠨ ᠣᠶᠢᠯᠠᠭᠠᠪᠠ᠃ ᠥᠪᠥᠷ ᠮᠣᠩᠭᠤᠯ ᠮᠦᠽᠧᠢ ᠬᠠᠩᠰᠢ ᠶᠢᠨ ᠠᠮᠠᠷᠠᠯᠲᠠ ᠳᠤ ᠦᠵᠡᠭᠴᠢᠳ ᠢ ᠨᠡᠶᠢᠲᠡ 4.3 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ ᠦᠵᠡᠭᠴᠢᠳ ᠤᠨ 3.2 ᠳᠠᠬᠢᠨ ᠪᠣᠯᠵᠤ᠂ ᠡᠯ᠎ᠡ ᠲᠥᠷᠥᠯ ᠤᠨ ᠨᠡᠶᠢᠭᠡᠮ ᠬᠥᠮᠦᠵᠢᠯ ᠤᠨ ᠠᠵᠢᠯᠯᠠᠭ᠎ᠠ ᠶᠢ ᠨᠡᠶᠢᠲᠡ 30 ᠤᠳᠠᠭ᠎ᠠ ᠡᠷᠭᠢᠯᠡᠵᠦ᠂ ᠰᠦᠯᠵᠢᠶᠡᠨ ᠳᠡᠭᠡᠷᠡᠬᠢ ᠠᠵᠢᠯᠯᠠᠭ᠎ᠠ ᠶᠢ ᠤᠩᠰᠢᠭᠰᠠᠨ ᠬᠡᠮᠵᠢᠶ᠎ᠡ 4 ᠲᠦᠮᠡᠨ ᠤᠳᠠᠭ᠎ᠠ ᠳᠤ ᠬᠦᠷᠴᠡᠢ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ