ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ | ᠣᠶᠢᠯᠠᠭᠠᠭᠰᠠᠨ ᠢᠶᠠᠷ᠂ ᠣᠶᠢᠷ᠎ᠠ ᠳᠤ᠂ ᠮᠠᠨ ᠤ ᠣᠷᠣᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠪᠠ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠷᠢᠭᠰᠠᠨ ᠣᠷᠣᠨ | ᠰᠠᠭᠤᠴᠠ ᠶᠢᠨ ᠲᠥᠷᠥᠯ ᠤᠨ ᠭᠡᠷ ᠪᠠᠶᠢᠰᠢᠩ ᠢ ᠲᠤᠰᠬᠠᠢ ᠴᠡᠭᠴᠡᠯᠡᠨ ᠵᠠᠰᠠᠬᠤ ᠲᠤᠷᠰᠢᠯᠲᠠ ︵ᠳᠣᠷᠣᠭᠰᠢ ᠬᠥᠳᠡᠭᠡ ᠲᠣᠰᠬᠤᠨ ᠤ ᠣᠷᠣᠨ ᠰᠠᠭᠤᠴᠠ ᠶᠢᠨ | ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ᠬᠤᠶᠠᠷ ᠵᠦᠢᠯ ᠤᠨ ᠲᠤᠷᠰᠢᠯᠲᠠ︾ ᠭᠡᠵᠦ ᠲᠣᠪᠴᠢᠯᠠᠪᠠ︶ ᠶᠢᠨ ᠠᠵᠢᠯ ᠢ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠵᠠᠷᠯᠠᠨ ᠰᠠᠶᠢᠰᠢᠶᠠᠪᠠ᠃ ᠣᠳᠣᠬᠠᠨ ᠳᠤ᠂ ᠮᠠᠨ ᠤ ᠣᠷᠣᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ | ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠡᠭᠦᠷᠭᠡ ᠪᠠᠨ ᠦᠨᠳᠦᠰᠦᠨ ᠳᠤ ᠪᠠᠨ ᠪᠡᠶᠡᠯᠡᠭᠦᠯᠵᠦ᠂ ᠬᠥᠳᠡᠭᠡ ᠲᠣᠰᠬᠤᠨ ᠤ ᠲᠠᠷᠢᠶᠠᠨ | ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠷᠢᠭᠰᠠᠨ ᠣᠷᠣᠨ ᠰᠠᠭᠤᠴᠠ ᠶᠢᠨ ᠲᠥᠷᠥᠯ ᠤᠨ ᠭᠡᠷ ᠪᠠᠶᠢᠰᠢᠩ ᠢ ᠲᠤᠰᠬᠠᠢ ᠴᠡᠭᠴᠡᠯᠡᠨ ᠵᠠᠰᠠᠬᠤ | ᠲᠤᠷᠰᠢᠯᠲᠠ ᠶᠢᠨ ᠠᠵᠢᠯ ᠤᠨ ᠠᠬᠢᠴᠠ 98% ᠠᠴᠠ ᠳᠡᠭᠡᠭᠰᠢ ᠳᠤ ᠬᠦᠷᠴᠦ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ | ᠥᠭᠡᠷᠡᠴᠢᠯᠡᠯᠲᠡ ᠶᠢᠨ ︽ᠬᠤᠶᠠᠷ ᠵᠦᠢᠯ ᠤᠨ ᠲᠤᠷᠰᠢᠯᠲᠠ︾ ᠶᠢᠨ ᠠᠬᠢᠴᠠ ᠴᠥᠮ ᠪᠥᠬᠦ ᠤᠯᠤᠰ ᠲᠤ ᠲᠡᠷᠢᠭᠦᠯᠡᠪᠡ᠃ | ᠬᠢᠩᠭᠠᠨ ᠠᠶᠢᠮᠠᠭ ᠤᠨ ᠤᠯᠠᠭᠠᠨᠬᠤᠲᠠ ᠪᠥᠬᠦ ᠤᠯᠤᠰ ᠤᠨ ᠠᠩᠬᠠᠳᠠᠭᠴᠢ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ | ᠪᠠᠷᠢᠭᠰᠠᠨ ᠣᠷᠣᠨ ᠰᠠᠭᠤᠴᠠ ᠶᠢᠨ ᠲᠥᠷᠥᠯ ᠤᠨ ᠭᠡᠷ ᠪᠠᠶᠢᠰᠢᠩ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠦᠭᠰᠡᠨ | ᠲᠤᠷᠰᠢᠯᠲᠠ ᠶᠢᠨ ᠭᠠᠵᠠᠷ ᠣᠷᠣᠨ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ | ᠥᠭᠡᠷᠡᠴᠢᠯᠡᠯᠲᠡ ᠶᠢᠨ ︽ᠬᠤᠶᠠᠷ ᠵᠦᠢᠯ ᠤᠨ ᠲᠤᠷᠰᠢᠯᠲᠠ︾ ᠶᠢᠨ ᠠᠵᠢᠯ ᠤᠨ ᠳᠤᠮᠳᠠ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ | ᠢᠳᠡᠪᠬᠢᠲᠡᠢ ᠰᠤᠷᠤᠯᠴᠠᠨ ᠬᠡᠷᠡᠭᠯᠡᠵᠦ᠂ ᠬᠤᠲᠠ ᠶᠢᠨ ᠬᠡᠪᠴᠢᠶᠡᠨ ᠳᠤ ᠪᠠᠯᠭᠠᠰᠤ ᠲᠣᠰᠬᠤᠨ ᠠᠯᠤᠰᠯᠠᠨ ᠰᠢᠯᠵᠢᠭᠦᠯᠦᠨ ᠥᠭᠬᠦ᠂ ᠬᠦᠷᠢᠶᠡᠨ ᠳᠤ ᠡᠷᠦᠬᠡ | ᠰᠠᠯᠭᠠᠬᠤ᠂ ︽ᠭᠤᠷᠪᠠᠨ ᠡᠷᠬᠡ ᠶᠢ ᠰᠠᠯᠭᠠᠬᠤ︾ ᠶᠢ ᠳᠠᠩᠰᠠᠯᠠᠬᠤ ᠵᠡᠷᠭᠡ ᠲᠤᠷᠰᠢᠯᠭ᠎ᠠ ᠠᠷᠭ᠎ᠠ ᠬᠢᠳᠡᠯ ᠢ ᠰᠢᠨ᠎ᠡ ᠶᠢ ᠡᠭᠦᠳᠦᠨ ᠰᠦᠪᠡᠭᠴᠢᠯᠡᠪᠡ᠃ ᠲᠣᠰ | ᠬᠤᠲᠠ ᠨᠢ ᠪᠥᠬᠦ ᠣᠷᠣᠨ ᠳᠤ ᠠᠩᠬᠠᠳᠠᠭᠴᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠢᠷᠢ ᠬᠡᠮ ᠤᠨ ᠡᠷᠬᠡ ᠶᠢᠨ ᠦᠨᠡᠮᠯᠡᠯ᠂ | ᠠᠩᠬᠠᠳᠠᠭᠴᠢ ᠬᠥᠳᠡᠭᠡ ᠲᠣᠰᠬᠤᠨ ᠤ ᠭᠡᠷ ᠪᠠᠶᠢᠰᠢᠩ ︵ᠣᠷᠣᠨ ᠰᠠᠭᠤᠴᠠ ᠶᠢᠨ ᠭᠠᠵᠠᠷ︶ ᠤᠨ ᠬᠡᠷᠡᠭᠯᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠵᠦ | ᠠᠷᠠᠯᠵᠢᠶᠠᠯᠠᠬᠤ ᠬᠢᠨᠠᠨ ᠲᠣᠭᠲᠠᠭᠠᠯᠲᠠ ᠶᠢᠨ ᠦᠨᠡᠮᠯᠡᠯ᠂ ᠠᠩᠬᠠᠳᠠᠭᠴᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠪᠤᠰᠤᠳ ᠵᠦᠢᠯ ᠤᠨ | ᠡᠷᠬᠡ ᠶᠢᠨ ᠦᠨᠡᠮᠯᠡᠯ ᠢ ᠬᠠᠮᠤᠭ ᠤᠨ ᠲᠦᠷᠦᠭᠦᠨ ᠳᠤ ᠣᠯᠭᠤᠪᠠ᠃ ᠨᠡᠶᠢᠲᠡᠯᠡᠨ ᠬᠡᠷᠡᠭᠵᠢᠭᠦᠯᠦᠭᠰᠡᠨ ︽ᠤᠯᠠᠭᠠᠨᠬᠤᠲᠠ ᠶᠢᠨ ᠬᠥᠳᠡᠭᠡ ᠲᠣᠰᠬᠤᠨ ᠤ ᠣᠷᠣᠨ | ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠨᠢ ᠤᠯᠤᠰ ᠤᠨ | ᠳᠦᠷᠢᠮ ᠤᠨ ᠪᠢᠴᠢᠭ ᠮᠠᠲ᠋ᠧᠷᠢᠶᠠᠯ ᠤᠳ ᠤᠨ ᠡᠮᠬᠢᠳᠬᠡᠯ ᠳᠤ ᠰᠣᠩᠭᠤᠭᠳᠠᠨ ᠣᠷᠣᠵᠠᠢ᠃ ᠤᠯᠠᠭᠠᠨᠬᠤᠲᠠ ᠪᠠᠰᠠ ᠪᠥᠬᠦ ᠤᠯᠤᠰ ᠤᠨ ᠣᠷᠣᠨ | ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠭ᠎ᠠ ᠰᠣᠯᠢᠯᠴᠠᠬᠤ ᠬᠤᠷᠠᠯ ᠢ ᠳᠠᠭᠠᠭᠠᠨ ᠡᠷᠭᠢᠯᠡᠵᠦ᠂ ᠪᠥᠬᠦ ᠤᠯᠤᠰ ᠤᠨ ᠬᠤᠶᠠᠷ | ᠵᠦᠢᠯ ᠤᠨ ᠲᠤᠷᠰᠢᠯᠲᠠ ᠶᠢᠨ ᠠᠵᠢᠯ ᠤᠨ ᠬᠤᠷᠠᠯ ᠳᠡᠭᠡᠷ᠎ᠡ ᠨᠡᠶᠢᠲᠡᠯᠢᠭ ᠶᠠᠷᠢᠶ᠎ᠠ ᠲᠠᠯᠪᠢᠵᠤ᠂ ᠣᠷᠣᠨ ᠰᠠᠭᠤᠴᠠ ᠶᠢᠨ ᠭᠠᠵᠠᠷ ᠤᠨ ᠣᠯᠠᠨ ᠵᠦᠢᠯ ᠤᠨ | ᠦᠨ᠎ᠡ ᠥᠷᠲᠡᠭ ᠪᠠ ᠴᠢᠳᠠᠮᠵᠢ ᠶᠢ ᠠᠭᠤᠳᠠᠯᠬᠤ ᠪᠠᠨ ᠲᠠᠰᠤᠷᠠᠯᠲᠠ ᠦᠭᠡᠢ ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ | ᠠᠰᠢᠭᠯᠠᠪᠠ᠃ | ᠣᠶᠢᠯᠠᠭᠠᠭᠰᠠᠨ ᠢᠶᠠᠷ᠂ ᠮᠠᠨ ᠤ ᠣᠷᠣᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ᠬᠤᠶᠠᠷ | ᠵᠦᠢᠯ ᠤᠨ ᠲᠤᠷᠰᠢᠯᠲᠠ︾ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ︽ᠣᠷᠣᠨ ᠰᠠᠭᠤᠴᠠ ᠶᠢ ᠪᠠᠲᠤᠯᠠᠬᠤ᠂ ᠳᠤᠷ᠎ᠠ ᠪᠠᠷ ᠢᠶᠠᠨ ᠪᠠᠷᠢᠬᠤ ᠶᠢ | ᠬᠠᠮᠢᠶᠠᠷᠬᠤ᠂ ᠰᠤᠯᠠ ᠲᠠᠯᠪᠢᠭᠳᠠᠵᠤ ᠪᠠᠶᠢᠭ᠎ᠠ ᠶᠢ ᠰᠡᠷᠭᠦᠭᠡᠬᠦ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠦᠷᠢᠶ᠎ᠡ ᠬᠠᠰᠢᠶᠠᠨ ᠤ ᠠᠵᠤ ᠠᠬᠤᠢ ᠶᠢ | ᠬᠥᠭᠵᠢᠭᠦᠯᠬᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ︽ᠬᠤᠭᠤᠰᠤᠨ ᠲᠣᠰᠬᠤᠨ︾ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ | ᠠᠵᠢᠯ ᠤᠳ ᠲᠠᠢ ᠤᠶᠠᠯᠳᠤᠭᠤᠯᠤᠨ ᠨᠢᠭᠡᠳᠦᠯᠲᠡᠢ ᠲᠥᠯᠥᠪᠯᠡᠨ ᠠᠬᠢᠭᠤᠯᠪᠠ᠃ ᠣᠷᠣᠨ ᠰᠠᠭᠤᠴᠠ ᠶᠢᠨ ᠭᠠᠵᠠᠷ ᠤᠨ ᠲᠠᠷᠢᠶᠠᠴᠢᠨ ᠡᠷᠦᠬᠡ ᠶᠢᠨ ᠬᠢᠷᠢ | ᠬᠡᠮ ᠤᠨ ᠡᠷᠬᠡ ᠶᠢ ᠪᠠᠲᠤᠯᠠᠬᠤ ᠲᠣᠭᠲᠠᠴᠠ᠂ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠳᠦᠷᠢᠮ᠂ ᠣᠷᠣᠨ | ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠪᠠᠷᠢᠴᠠᠭᠠᠯᠠᠬᠤ ᠳᠦᠷᠢᠮ᠂ ᠣᠷᠣᠨ ᠰᠠᠭᠤᠴᠠ ᠶᠢᠨ ᠭᠠᠵᠠᠷ ᠤᠨ ᠰᠠᠶᠢᠨ ᠳᠤᠷ᠎ᠠ ᠠᠴᠠ ᠪᠠᠨ | ᠲᠥᠯᠥᠪᠦᠷᠢ ᠲᠠᠢ ᠪᠠᠷ ᠤᠬᠤᠷᠢᠨ ᠭᠠᠷᠬᠤ ᠲᠣᠭᠲᠠᠴᠠ᠂ ᠣᠷᠣᠨ ᠰᠠᠭᠤᠴᠠ ᠶᠢᠨ ᠭᠠᠵᠠᠷ ᠢ ᠲᠦᠯᠦᠪᠦᠷᠢ ᠲᠠᠢ ᠪᠠᠷ ᠬᠡᠷᠡᠭᠯᠡᠬᠦ ᠳᠦᠷᠢᠮ ᠢ ᠬᠠᠶᠢᠨ | ᠰᠦᠪᠡᠭᠴᠢᠯᠡᠵᠦ᠂ ᠣᠷᠣᠨ ᠰᠠᠭᠤᠴᠠ ᠶᠢᠨ ᠭᠠᠵᠠᠷ ᠤᠨ ᠬᠠᠮᠲᠤ ᠶᠢᠨ ᠥᠮᠴᠢᠯᠡᠯ ᠤᠨ ᠡᠷᠬᠡ ᠶᠢ ᠬᠡᠷᠡᠭᠵᠢᠭᠦᠯᠬᠦ ᠲᠣᠭᠲᠠᠴᠠ᠂ ᠣᠷᠣᠨ ᠰᠠᠭᠤᠴᠠ ᠶᠢᠨ | ᠭᠠᠵᠠᠷ ᠢ ᠬᠢᠨᠠᠨ ᠵᠥᠪᠰᠢᠶᠡᠷᠡᠬᠦ ᠳᠦᠷᠢᠮ ᠢ ᠲᠡᠭᠦᠯᠳᠡᠷᠵᠢᠭᠦᠯᠦᠨ᠂ ᠣᠷᠣᠨ ᠰᠠᠭᠤᠴᠠ ᠶᠢᠨ ᠭᠠᠵᠠᠷ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ | ᠲᠣᠭᠲᠠᠴᠠ ᠂ ᠣᠷᠣᠨ ᠰᠠᠭᠤᠴᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠬᠦ ︽ᠲᠠᠪᠤ ᠶᠢ ᠬᠠᠶᠢᠨ ᠰᠦᠪᠡᠭᠴᠢᠯᠡᠵᠦ᠂ | ᠬᠤᠶᠠᠷ ᠢ ᠲᠡᠭᠦᠯᠳᠡᠷᠵᠢᠭᠦᠯᠦᠨ᠂ ᠬᠤᠶᠠᠷ ᠢ ᠪᠦᠷᠢᠨᠰᠢᠭᠦᠯᠬᠦ︾ ᠥᠭᠡᠷᠡᠴᠢᠯᠡᠯᠲᠡ ᠶᠢᠨ ᠠᠭᠤᠯᠭ᠎ᠠ ᠶᠢᠨ ᠲᠣᠭᠤᠷᠢᠨ ᠳᠤ ᠪᠦᠬᠦ ᠲᠠᠯ᠎ᠠ ᠪᠠᠷ ᠬᠠᠶᠢᠨ | ᠰᠦᠪᠡᠭᠴᠢᠯᠡᠵᠦ᠂ ᠬᠤᠷᠢᠭ᠎ᠠ ᠱᠤᠭᠤᠮ ᠢ ᠪᠠᠲᠤ ᠰᠠᠬᠢᠬᠤ ᠮᠥᠷᠲᠡᠭᠡᠨ ᠵᠣᠷᠢᠭᠲᠠᠢ ᠪᠠᠷ ᠰᠢᠨ᠎ᠡ ᠶᠢ ᠡᠭᠦᠳᠴᠦ᠂ ᠳᠦᠷᠢᠮ ᠤᠨ ᠪᠠᠶᠢᠭᠤᠯᠤᠯᠲᠠ᠂ ᠴᠢᠯᠦᠭᠡᠲᠡᠢ | ᠠᠰᠢᠭᠯᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠪᠠ᠃ | ᠮᠠᠨ ᠤ ᠣᠷᠣᠨ ᠪᠠᠰᠠ ᠣᠷᠣᠨ ᠰᠠᠭᠤᠴᠠ ᠶᠢᠨ ᠭᠠᠵᠠᠷ ᠭᠤᠶᠤᠴᠢᠯᠠᠬᠤ ᠶᠢ ᠬᠢᠨᠠᠨ ᠵᠥᠪᠰᠢᠶᠡᠷᠡᠭᠦᠯᠬᠦ᠂ ᠰᠢᠯᠵᠢᠭᠦᠯᠦᠨ ᠡᠷᠭᠢᠯᠳᠦᠭᠦᠯᠬᠦ ᠠᠴᠠ ᠭᠠᠷᠬᠤ᠂ | ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ᠂ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠴᠢᠯᠦᠭᠡᠲᠡᠢ ᠠᠰᠢᠭᠯᠠᠬᠤ ᠵᠡᠷᠭᠡ ᠪᠥᠬᠦ | ᠭᠤᠭᠴᠣᠭᠠᠨ ᠤ ᠲᠣᠭᠤᠷᠢᠨ ᠳᠤ ᠪᠦᠷᠢᠨ ᠲᠥᠬᠦᠷ ᠳᠦᠷᠢᠮ ᠤᠨ ᠦᠷ᠎ᠡ ᠪᠦᠲᠦᠭᠡᠯ ᠲᠠᠢ ᠪᠣᠯᠪᠠ᠃ ᠡᠭᠦᠨ ᠤ ᠬᠠᠮᠲᠤ᠂ ᠨᠢᠭᠡ ᠪᠦᠯᠦᠭ ᠣᠷᠣᠨ | ᠰᠠᠭᠤᠴᠠ ᠶᠢᠨ ᠭᠠᠵᠠᠷ ᠤᠨ ᠡᠬᠢ ᠪᠠᠶᠠᠯᠢᠭ ᠢ ᠰᠡᠷᠭᠦᠭᠡᠵᠦ᠂ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠬᠡᠯᠪᠡᠷᠢ᠂ ᠠᠵᠤ ᠦᠢᠯᠡᠰ ᠤᠨ ᠬᠥᠭᠵᠢᠯᠲᠡ ᠶᠢᠨ | ᠬᠡᠯᠪᠡᠷᠢ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠡᠯᠪᠡᠷᠢ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠡᠯᠪᠡᠷᠢ ᠵᠡᠷᠭᠡ 4 ᠵᠦᠢᠯ ᠤᠨ ᠴᠢᠯᠦᠭᠡᠲᠡᠢ | ᠠᠰᠢᠭᠯᠠᠬᠤ ᠵᠠᠭᠪᠤᠷ ᠢ ᠬᠠᠶᠢᠨ ᠰᠦᠪᠡᠭᠴᠢᠯᠡᠵᠦ᠂ 2.5 ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠬᠥᠷᠥᠩᠭᠡ ᠶᠢ ᠳᠠᠶᠢᠴᠢᠯᠠᠨ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠪᠠ᠃ | |