ᠬᠥᠬᠡᠮᠥ᠋ᠷᠡᠨ ᠳᠤ ᠠᠷᠪᠠᠨ ᠵᠢᠯ ᠵᠢᠭᠠᠰᠤ ᠠᠩᠨᠠᠬᠤ ᠶᠢ ᠴᠠᠭᠠᠵᠠᠯᠠᠭᠰᠠᠨ ᠠᠴᠠ ᠨᠠᠭᠠᠰᠢ᠂ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠤᠨ | ᠰᠡᠷᠭᠦᠯᠲᠡ ᠰᠠᠶᠢᠵᠢᠷᠠᠪᠠ᠃ ᠡᠭᠦᠨ ᠤ ᠵᠡᠷᠭᠡ ᠳᠤ᠂ ᠬᠥᠬᠡᠮᠥ᠋ᠷᠡᠨ ᠤ ᠭᠤᠣᠯ ᠢ ᠬᠠᠰᠢᠵᠤ ᠬᠠᠰᠢᠯᠭ᠎ᠠ ᠪᠠᠷᠢᠬᠤ᠂ ᠤᠰᠤᠨ ᠵᠠᠮ ᠢ ᠵᠠᠰᠠᠬᠤ᠂ ᠬᠠᠶᠢᠷ ᠮᠠᠯᠲᠠᠵᠤ | ᠴᠢᠯᠠᠭᠤ ᠭᠠᠷᠭᠠᠬᠤ ᠵᠡᠷᠭᠡ ᠬᠥᠮᠥᠨ ᠲᠥᠷᠥᠯᠬᠢᠲᠡᠨ ᠤ ᠠᠵᠢᠯᠯᠠᠭ᠎ᠠ ᠮᠥᠨ ᠯᠡ ᠨᠡᠯᠢᠶᠡᠳ ᠤᠯᠠᠨ ᠪᠠᠶᠢᠵᠤ᠂ ᠮᠥᠬᠦᠬᠦ ᠰᠢᠬᠠᠭᠰᠠᠨ ᠬᠤᠪᠣᠷ ᠴᠤᠬᠠᠭ | ᠪᠣᠳᠠᠰ ᠤᠨ ᠳᠦᠷᠰᠦ ᠶᠢᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠬᠠᠷᠠᠬᠠᠨ ᠦᠨᠳᠦᠰᠦᠨ ᠠᠴᠠ ᠪᠠᠨ ᠰᠠᠶᠢᠵᠢᠷᠠᠭᠠᠳᠤᠢ ᠪᠠᠶᠢᠭᠰᠠᠭᠠᠷ᠃ | ᠳᠠᠷᠠᠭᠠᠴᠢ ᠪᠠᠷ᠂ ᠮᠠᠨ ᠤ ᠤᠯᠤᠰ ᠭᠤᠷᠪᠠᠨ ᠲᠠᠯ᠎ᠠ ᠶᠢᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠬᠥᠬᠡᠮᠥ᠋ᠷᠡᠨ ᠤ ᠮᠥᠬᠦᠬᠦ ᠰᠢᠬᠠᠭᠰᠠᠨ | ᠬᠤᠪᠣᠷ ᠴᠤᠬᠠᠭ ᠪᠣᠳᠠᠰ ᠤᠨ ᠳᠦᠷᠰᠦ ᠶᠢᠨ ᠬᠠᠮᠠᠭᠠᠯᠠᠯᠲᠠ ᠶᠢ ᠴᠢᠩᠭᠠᠳᠬᠠᠬᠤ ᠪᠠᠷ ᠪᠤᠢ᠃ | ᠡᠨᠡ ᠪᠣᠯ ᠰᠤᠷᠪᠤᠯᠵᠢᠯᠠᠭᠴᠢ ᠶᠢᠨ 2 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠭᠰᠡᠨ | ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠵᠣᠷᠰᠢᠯᠲᠦ ᠬᠤᠷᠠᠯ ᠠᠴᠠ ᠣᠶᠢᠯᠠᠭᠠᠭᠰᠠᠨ ᠮᠡᠳᠡᠭᠡ ᠪᠣᠯᠣᠨ᠎ᠠ᠃ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠠᠶᠢᠳ ᠲᠠᠩ ᠷᠧᠨ ᠵᠢᠶᠠᠨ ᠬᠤᠷᠠᠯ ᠳᠡᠭᠡᠷ᠎ᠡ ᠢᠯᠡᠷᠬᠡᠶᠢᠯᠡᠬᠦ ᠳᠤ ᠪᠠᠨ᠂ ᠬᠥᠬᠡᠮᠥ᠋ᠷᠡᠨ ᠤ ᠰᠠᠪᠠ ᠭᠠᠵᠠᠷ | ᠪᠣᠯ ᠳᠡᠯᠡᠬᠡᠢ ᠳᠡᠭᠡᠷᠡᠬᠢ ᠤᠰᠤᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢᠶᠠᠷ ᠬᠠᠮᠤᠭ ᠤᠨ ᠡᠯᠪᠡᠭ ᠣᠷᠣᠨ ᠪᠦᠰᠡ ᠨᠦᠭᠦᠳ ᠤᠨ ᠨᠢᠭᠡ | ᠪᠠᠶᠢᠵᠤ᠂ 400 ᠭᠠᠷᠤᠢ ᠵᠢᠭᠠᠰᠤᠨ ᠤ ᠲᠥᠷᠥᠯ ᠲᠠᠷᠬᠠᠵᠤ ᠪᠠᠶᠢᠨ᠎ᠠ᠃ 2021 ᠣᠨ ᠳᠤ ᠵᠢᠭᠠᠰᠤ ᠠᠩᠨᠠᠬᠤ ᠶᠢ ᠴᠠᠭᠠᠵᠠᠯᠠᠭᠰᠠᠨ ᠠᠴᠠ ᠨᠠᠭᠠᠰᠢ᠂ | ᠵᠢᠭᠠᠰᠤᠨ ᠤ ᠲᠥᠷᠥᠯ ᠤᠨ ᠡᠬᠢ ᠪᠠᠶᠠᠯᠢᠭ ᠡᠬᠢᠯᠡᠨ ᠰᠡᠷᠭᠦᠵᠦ᠂ 2022 ᠣᠨ ᠳᠤ ᠪᠡᠯᠭᠡ ᠲᠡᠮᠳᠡᠭ ᠤᠨ ᠴᠢᠨᠠᠷᠲᠠᠢ ᠪᠣᠳᠠᠰ ᠤᠨ ᠳᠦᠷᠰᠦ ᠪᠣᠯᠬᠤ | ᠬᠦᠬᠡᠮᠦ᠋ᠷᠡᠨ ᠤ ᠭᠠᠭ᠋ᠠᠢ ᠬᠠᠯᠢᠮᠤ ᠶᠢᠨ ᠳᠦᠷᠰᠦ ᠶᠢᠨ ᠰᠦᠷᠦᠭ 1249 ᠳᠤ ᠬᠦᠷᠴᠦ᠂ ᠲᠡᠦᠬᠡᠲᠦ ᠴᠢᠨᠠᠷᠲᠠᠢ ᠪᠠᠷ ᠪᠠᠭᠤᠷᠠᠬᠤ ᠪᠠᠨ ᠵᠣᠭᠰᠣᠵᠤ ᠳᠠᠬᠢᠨ | ᠳᠡᠭᠡᠭᠰᠢᠯᠡᠵᠡᠢ ᠭᠡᠪᠡ᠃ | ︽ᠭᠡᠪᠡᠴᠦ ᠡᠭᠦᠨ ᠤ ᠵᠡᠷᠭᠡ ᠳᠤ ᠪᠢᠳᠡ ᠪᠠᠰᠠ ᠣᠳᠣᠬᠠᠨ ᠳᠤ ᠬᠥᠬᠡᠮᠥ᠋ᠷᠡᠨ ᠤ ᠭᠤᠣᠯ ᠢ ᠬᠠᠰᠢᠵᠤ ᠬᠠᠰᠢᠯᠭ᠎ᠠ ᠪᠠᠷᠢᠬᠤ᠂ ᠤᠰᠤᠨ ᠵᠠᠮ ᠢ ᠵᠠᠰᠠᠬᠤ᠂ | ᠬᠠᠶᠢᠷ ᠮᠠᠯᠲᠠᠵᠤ ᠴᠢᠯᠠᠭᠤ ᠭᠠᠷᠭᠠᠬᠤ ᠵᠡᠷᠭᠡ ᠬᠥᠮᠥᠨ ᠲᠥᠷᠥᠯᠬᠢᠲᠡᠨ ᠤ ᠠᠵᠢᠯᠯᠠᠭ᠎ᠠ ᠮᠥᠨ ᠬᠦ ᠨᠡᠯᠢᠶᠡᠳ ᠣᠯᠠᠨ ᠪᠠᠶᠢᠵᠤ᠂ ᠮᠥᠬᠦᠬᠦ ᠰᠢᠬᠠᠭᠰᠠᠨ ᠬᠤᠪᠣᠷ | ᠴᠤᠬᠠᠭ ᠪᠣᠳᠠᠰ ᠤᠨ ᠳᠦᠷᠰᠦ ᠶᠢᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠪᠠᠰᠠ ᠦᠨᠳᠦᠰᠦᠨ ᠠᠴᠠ ᠪᠠᠨ ᠰᠠᠶᠢᠵᠢᠷᠠᠭᠠᠳᠤᠢ ᠪᠥᠭᠡᠳ ᠡᠳᠡᠭᠡᠷ | ᠮᠥᠬᠦᠬᠦ ᠰᠢᠬᠠᠭᠰᠠᠨ ᠪᠣᠳᠠᠰ ᠤᠨ ᠳᠦᠷᠰᠦ ᠶᠢᠨ ᠦᠰᠦᠯᠲᠡ ᠶᠢᠨ ᠦᠶᠡᠯᠡᠯ ᠤᠨ ᠬᠤᠭᠤᠴᠠᠭ᠎ᠠ ᠤᠷᠲᠤ᠂ ᠦᠷᠡᠵᠢᠯ ᠤᠨ ᠬᠦᠴᠢᠷᠳᠡᠯ ᠶᠡᠭᠡ᠂ | ᠬᠠᠮᠠᠭᠠᠯᠠᠯᠲᠠ ᠶᠢᠨ ᠪᠠᠶᠢᠳᠠᠯ ᠮᠥᠨ ᠬᠦ ᠲᠡᠶᠢᠮᠦ ᠰᠠᠶᠢᠨ ᠪᠢᠰᠢ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃︾ ᠭᠡᠵᠦ ᠲᠠᠩ ᠷᠧᠨ ᠵᠢᠶᠠᠨ | ᠬᠡᠯᠡᠪᠡ᠃ | ᠲᠠᠨᠢᠯᠴᠠᠭᠤᠯᠤᠭᠰᠠᠨ ᠢᠶᠠᠷ᠂ ᠲᠠᠷᠠᠭᠠᠴᠢ ᠪᠠᠷ ᠮᠠᠨ ᠤ ᠤᠯᠤᠰ ᠭᠤᠷᠪᠠᠨ ᠲᠠᠯ᠎ᠠ ᠶᠢᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ | ᠬᠥᠬᠡᠮᠥ᠋ᠷᠡᠨ ᠤ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ ᠤᠨ ᠳᠦᠷᠰᠦ ᠶᠢᠨ ᠬᠠᠮᠠᠭᠠᠯᠠᠯᠲᠠ ᠶᠢ ᠰᠠᠶᠢᠲᠤᠷ ᠠᠳᠬᠤᠬᠤ ᠪᠣᠯᠣᠨ᠎ᠠ᠄ | ᠨᠢᠭᠡ ᠳᠤ ᠬᠥᠮᠥᠨ ᠤ ᠬᠦᠴᠦ ᠪᠠᠷ ᠡᠭᠦᠯᠳᠡᠷ ᠬᠠᠮᠠᠭᠠᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠪᠠᠨ | ᠴᠢᠩᠭᠠᠳᠬᠠᠨ᠎ᠠ᠃ ᠣᠳᠣᠬᠠᠨ ᠳᠤ ᠮᠠᠨ ᠤ ᠤᠯᠤᠰ ᠨᠢᠭᠡᠨᠲᠡ ᠨᠢᠭᠡ ᠪᠦᠯᠦᠭ ᠳᠤᠮᠳᠠᠳᠤ ᠶᠢᠨ ᠬᠢᠯᠢᠮ᠎ᠡ᠂ ᠬᠦᠬᠡᠮᠦ᠋ᠷᠡᠨ ᠤ ᠬᠢᠯᠢᠮ᠎ᠡ ᠶᠢᠨ ᠡᠭᠦᠯᠳᠡᠷ ᠢ | ᠬᠥᠮᠥᠨ ᠤ ᠬᠦᠴᠦ ᠪᠠᠷ ᠬᠠᠮᠠᠭᠠᠯᠠᠬᠤ ᠲᠠᠯᠠᠪᠠᠶ ᠪᠠᠶᠢᠭᠤᠯᠵᠤ᠂ ᠵᠣᠬᠢᠬᠤ ᠬᠡᠪᠴᠢᠶᠡᠨ ᠤ ᠡᠴᠢᠭᠡ ᠪᠡᠶ᠎ᠡ ᠡᠬᠡ ᠪᠡᠶ᠎ᠡ ᠶᠢᠨ ᠬᠥᠮᠥᠷᠭᠡ ᠲᠠᠢ ᠪᠣᠯᠵᠤ᠂ | ᠬᠡᠪᠴᠢᠶᠡᠵᠢᠭᠰᠡᠨ ᠬᠥᠮᠥᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠭᠰᠡᠨ ᠪᠠᠶᠢᠨ᠎ᠠ᠃ ᠳᠠᠷᠠᠭᠠᠴᠢ ᠪᠠᠷ | ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠪᠠᠨ ᠦᠷᠭᠦᠯᠵᠢᠯᠡᠨ ᠴᠢᠩᠭᠠᠳᠬᠠᠵᠤ᠂ ᠡᠭᠦᠯᠳᠡᠷ ᠬᠠᠮᠠᠭᠠᠯᠠᠬᠤ ᠲᠠᠯᠠᠪᠠᠢ ᠶᠢᠨ | ᠬᠥᠮᠥᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠪᠠᠶᠢᠭᠠᠯᠢ ᠶᠢᠨ ᠦᠷᠡᠵᠢᠯᠲᠡ᠂ ᠠᠮᠢᠳᠤᠷᠠᠯ ᠤᠨ ᠣᠷᠴᠢᠨ ᠢ | ᠰᠡᠷᠭᠦᠭᠡᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠲᠦᠷᠭᠡᠨ ᠰᠢᠪᠲᠤᠯᠬᠤ ᠪᠠᠷ ᠴᠢᠷᠮᠠᠶᠢᠨ᠎ᠠ᠃ | ᠬᠤᠶᠠᠷ ᠲᠤ ᠦᠷᠡᠵᠢᠭᠦᠯᠦᠨ ᠵᠢᠷᠠᠭᠠᠬᠠᠢ ᠲᠠᠯᠪᠢᠬᠤ ᠶᠢ ᠡᠷᠴᠢᠮᠵᠢᠭᠦᠯᠦᠨ᠎ᠡ᠃ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ ᠤᠨ ᠳᠦᠷᠰᠦ ᠨᠢ | ᠵᠥᠪᠬᠡᠨ ᠪᠠᠶᠢᠭᠠᠯᠢ ᠶᠢᠨ ᠦᠷᠡᠵᠢᠯᠲᠡ ᠳᠤ ᠲᠦᠰᠢᠭᠯᠡᠨ ᠰᠡᠷᠭᠦᠬᠦ ᠳᠤ ᠨᠡᠯᠢᠶᠡᠳ ᠬᠦᠴᠢᠷᠲᠡᠢ᠂ ᠡᠷᠬᠡᠪᠰᠢ ᠦᠷᠡᠵᠢᠭᠦᠯᠬᠦ ᠪᠠᠷ ᠳᠡᠮᠵᠢᠨ ᠬᠡᠭᠡᠷ᠎ᠡ ᠶᠢᠨ | ᠰᠦᠷᠦᠭᠵᠢᠯ ᠢ ᠨᠥᠬᠦᠪᠦᠷᠢᠯᠡᠬᠦ ᠬᠡᠷᠡᠭᠲᠡᠢ᠃ ᠡᠨᠡ ᠵᠢᠯ ᠠᠴᠠ ᠡᠬᠢᠯᠡᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠢᠯ ᠪᠦᠷᠢ 5000 ᠲᠦᠮᠡᠨ | ᠲᠥᠭᠦᠷᠢᠭ ᠤᠨ ᠲᠤᠰᠬᠠᠢ ᠪᠡᠯᠡ ᠮᠥᠩᠭᠦ ᠲᠣᠬᠢᠷᠠᠭᠤᠯᠵᠤ᠂ 100 ᠲᠦᠮᠡᠨ ᠵᠢᠷᠠᠭᠠᠬᠠᠢ ᠲᠠᠯᠪᠢᠬᠤ ᠪᠠᠷ ᠴᠢᠷᠮᠠᠶᠢᠵᠤ᠂ ᠬᠤᠶᠢᠰᠢᠳᠠ ᠶᠢᠨ ᠭᠤᠷᠪᠠ ᠠᠴᠠ | ᠲᠠᠪᠤᠨ ᠵᠢᠯ ᠳᠤ ᠠᠯᠬᠤᠮ ᠠᠯᠬᠤᠮ ᠢᠶᠠᠷ 500 ᠲᠦᠮᠡᠨ ᠵᠢᠷᠠᠭᠠᠬᠠᠢ ᠲᠠᠯᠪᠢᠬᠤ ᠪᠠᠷ ᠴᠢᠷᠮᠠᠶᠢᠨ᠎ᠠ᠃ | ᠭᠤᠷᠪᠠ ᠳᠤ ᠭᠤᠣᠯᠳᠠᠯᠭ᠎ᠠ ᠲᠠᠢ ᠤᠰᠤᠨ ᠤ ᠠᠮᠢᠳᠤ ᠪᠣᠳᠠᠰ ᠤᠨ ᠣᠷᠣᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠎ᠠ᠃ | ᠥᠨᠳᠡᠭᠡᠯᠡᠬᠦ ᠭᠠᠵᠠᠷ᠂ ᠥᠭᠶᠥᠭᠡ ᠠᠪᠬᠤ ᠭᠠᠵᠠᠷ᠂ ᠡᠪᠦᠯᠵᠢᠶ᠎ᠡ ᠪᠠ ᠨᠡᠭᠦᠳᠡᠯᠯᠡᠬᠦ ᠵᠠᠮ ᠢ ᠰᠠᠶᠢᠲᠤᠷ ᠬᠠᠮᠠᠭᠠᠯᠠᠬᠤ ᠬᠡᠷᠡᠭᠲᠡᠢ᠃ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠲᠣᠬᠢᠷᠠᠮᠵᠢᠲᠠᠢ ᠤᠰᠤᠨ ᠤ ᠴᠠᠷᠠᠭ᠎ᠠ ᠶᠢ ᠰᠣᠩᠭᠤᠵᠤ᠂ ᠥᠨᠳᠡᠭᠡᠯᠡᠬᠦ ᠲᠠᠯᠠᠪᠠᠶ ᠶᠢ ᠰᠡᠷᠭᠦᠭᠡᠨ ᠳᠠᠬᠢᠨ ᠪᠠᠶᠢᠭᠤᠯᠬᠤ ᠶᠢᠨ ᠬᠠᠮᠲᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠭᠤᠣᠯ ᠢ ᠬᠠᠰᠢᠵᠤ ᠬᠠᠰᠢᠯᠭ᠎ᠠ ᠪᠠᠷᠢᠬᠤ ᠭᠠᠵᠠᠷ ᠲᠤ ᠵᠢᠭᠠᠰᠤ ᠥᠩᠭᠡᠷᠡᠬᠦ ᠪᠡᠯᠡᠳᠬᠡᠮᠵᠢ | ᠪᠠᠶᠢᠭᠤᠯᠬᠤ ᠶᠢ ᠰᠤᠳᠤᠯᠵᠤ᠂ ᠴᠢᠬᠤᠯᠠ ᠣᠷᠣᠰᠢᠨ ᠠᠮᠢᠳᠤᠷᠠᠬᠤ ᠭᠠᠵᠠᠷ ᠤᠨ ᠣᠩᠭᠤᠴᠠ ᠰᠠᠯ ᠤᠨ ᠬᠤᠷᠳᠤᠴᠠ ᠶᠢ ᠬᠢᠵᠠᠭᠠᠷᠯᠠᠬᠤ᠂ ᠠᠶᠠᠯᠠᠯ ᠢ | ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠵᠣᠷᠢᠭᠤᠳᠠ ᠶᠢᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | |