ᠲᠠᠮᠢᠷ ᠤᠨ ᠰᠢᠯᠭᠠᠯᠲᠠ ᠳᠤ ᠡᠳᠡᠭᠡᠷ ᠢ ᠠᠩᠬᠠᠷᠤᠭᠠᠷᠠᠢ
ᠨᠡᠶᠢᠲᠡᠯᠡᠭᠰᠡᠨ ᠴᠠᠭ᠄
2024/4/8
     ᠡᠯ᠎ᠡ ᠭᠠᠵᠠᠷ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠲᠠᠮᠢᠷ ᠤᠨ ᠰᠢᠯᠭᠠᠯᠲᠠ ᠵᠠᠯᠭᠠᠭ᠎ᠠ ᠪᠠᠷ ᠡᠬᠢᠯᠡᠵᠤ᠂ ᠶᠠᠰᠤᠨ ᠤ ᠰᠠᠯᠠᠭ᠎ᠠ ᠪᠠ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯᠲᠡᠨ ᠠᠴᠠ ᠰᠢᠯᠭᠠᠭᠤᠯᠤᠭᠴᠢ ᠳᠤ ᠰᠢᠯᠭᠠᠯᠲᠠ ᠳᠤ ᠪᠡᠯᠡᠳᠬᠡᠬᠦ ᠬᠤᠭᠤᠴᠠᠭᠠᠨ ᠳᠤ ᠠᠵᠢᠯᠯᠠᠵᠤ ᠠᠮᠠᠷᠠᠬᠤ ᠪᠠᠨ ᠵᠤᠬᠢᠰᠲᠠᠢ ᠲᠤᠬᠢᠷᠠᠭᠤᠯᠵᠤ᠂ ᠰᠢᠨᠵᠢᠯᠡᠬᠦ ᠤᠬᠠᠭᠠᠨᠴᠢ ᠵᠦᠢ ᠵᠤᠬᠢᠰᠲᠡᠢ ᠪᠤᠯᠪᠠᠰᠤᠷᠠᠯ ᠬᠢᠬᠦ ᠶᠢ ᠠᠩᠬᠠᠷᠴᠦ᠂ ᠴᠢᠩᠭ᠎ᠠ ᠰᠢᠷᠦᠭᠦᠨ ᠭᠡᠨᠡᠳᠲᠡ ᠶᠢᠨ ᠪᠤᠯᠪᠠᠰᠤᠷᠠᠯ ᠠᠴᠠ ᠪᠤᠯᠵᠤ ᠬᠡᠮᠲᠦᠵᠤ ᠰᠢᠷᠬᠠᠳᠤᠬᠤ ᠠᠴᠠ ᠵᠠᠶᠢᠯᠠᠰᠬᠢᠬᠦ ᠬᠡᠷᠡᠭᠲᠡᠢ ᠭᠡᠵᠤ ᠰᠠᠨᠠᠭᠤᠯᠵᠤ ᠪᠠᠶᠢᠨ᠎ᠠ᠃      ᠵᠦᠩ ᠨᠠᠨ ᠶᠡᠭᠡ ᠰᠤᠷᠭᠠᠭᠤᠯᠢ ᠶᠢᠨ ᠰᠢᠶᠠᠩ ᠶᠠ ᠡᠮᠨᠡᠯᠭᠡ ᠶᠢᠨ ᠬᠤᠷᠢᠶᠠᠨ ᠤ ᠳᠠᠷᠤᠭ᠎ᠠ᠂ ᠶᠠᠰᠤᠨ ᠤ ᠰᠠᠯᠠᠭᠠᠨ ᠤ ᠲᠤᠰᠬᠠᠢ ᠮᠡᠷᠭᠡᠵᠢᠯᠲᠡᠨ ᠯᠧᠢ ᠭᠤᠸᠠᠩ ᠬᠤᠸᠠ ᠫᠷᠤᠹᠧᠰᠰᠤᠷ ᠤᠨ ᠲᠠᠨᠢᠯᠴᠠᠭᠤᠯᠤᠭᠰᠠᠨ ᠢᠶᠠᠷ᠂ ᠵᠠᠷᠢᠮ ᠰᠤᠷᠤᠭᠴᠢᠳ ᠨᠡᠩ ᠰᠠᠶᠢᠨ ᠬᠢᠷᠢ ᠪᠦᠲᠦᠮᠵᠢ ᠣᠯᠬᠤ ᠶᠢᠨ ᠲᠥᠯᠥᠭᠡ ᠪᠡᠶ᠎ᠡ ᠪᠤᠯᠪᠠᠰᠤᠷᠠᠬᠤ ᠡᠷᠴᠢᠮ ᠢᠶᠠᠨ ᠬᠡᠨᠡᠳᠲᠡ ᠴᠢᠩᠭᠠᠷᠠᠭᠤᠯᠵᠠᠢ᠃ ᠪᠠᠰᠠ ᠵᠠᠷᠢᠮ ᠰᠤᠷᠤᠭᠴᠢ ᠬᠥᠳᠡᠯᠭᠡᠭᠡᠨ ᠬᠡᠲᠦᠷᠡᠭᠰᠡᠨ᠂ ᠭᠡᠨᠡᠳᠲᠡ ᠶᠢᠨ ᠪᠤᠯᠪᠠᠰᠤᠷᠠᠯ ᠠᠴᠠ ᠪᠤᠯᠵᠤ ᠦᠶ᠎ᠡ ᠬᠡᠰᠢᠭᠦᠦ ᠭᠡᠮᠲᠦᠬᠦ᠂ ᠪᠤᠯᠴᠢᠩ ᠤᠷᠪᠠᠭ᠋ᠤ ᠵᠡᠷᠭᠡ ᠪᠠᠶᠢᠳᠠᠯ ᠡᠭᠦᠰᠴᠦ ᠪᠠᠶᠢᠨ᠎ᠠ᠃      ︽ᠰᠤᠷᠤᠭᠴᠢᠳ ᠲᠠᠮᠢᠷ ᠤᠨ ᠰᠢᠯᠭᠠᠯᠲᠠ ᠠᠴᠠ ᠡᠮᠦᠨ᠎ᠡ ᠳᠤᠮᠳᠠ ᠵᠡᠷᠭᠡ ᠶᠢᠨ ᠬᠦᠴᠦᠯᠡᠴᠡ ᠲᠠᠢ ᠪᠤᠯᠪᠠᠰᠤᠷᠠᠯ ᠬᠢᠬᠦ ᠨᠢ ᠵᠤᠬᠢᠰᠲᠠᠢ ᠶᠤᠮ᠃ ᠬᠥᠳᠡᠯᠭᠡᠭᠡᠨ ᠬᠢᠬᠦ ᠠᠴᠠ ᠡᠮᠦᠨ᠎ᠡ᠂ ᠭᠦᠢᠴᠡᠳ ᠪᠡᠯᠳᠬᠡᠯ ᠬᠥᠳᠡᠯᠭᠡᠭᠡᠨ ᠬᠢᠵᠤ᠂ ᠪᠦᠬᠦ ᠪᠡᠶ᠎ᠡ ᠶᠢᠨ ᠦᠶ᠎ᠡ ᠬᠡᠰᠢᠭᠦᠦ᠂ ᠪᠤᠯᠴᠢᠩ ᠮᠢᠬ᠎ᠠ ᠪᠠᠨ ᠲᠡᠨᠢᠢᠯᠭᠡᠨ᠂ ᠬᠥᠳᠡᠯᠭᠡᠭᠡᠨ ᠬᠢᠵᠤ ᠰᠢᠷᠬᠠᠳᠤᠬᠤ ᠠᠶᠤᠯ ᠢ ᠪᠠᠭᠠᠰᠬᠠᠬᠤ ᠬᠡᠷᠡᠭᠲᠡᠢ᠂ ᠭᠡᠨᠡᠳᠲᠡ ᠰᠢᠷᠦᠭᠦᠨ ᠬᠦᠶᠦᠵᠤ ᠥᠰᠦᠷᠬᠦ ᠵᠡᠷᠭᠡ ᠠᠴᠠ ᠵᠠᠶᠢᠯᠠᠰᠬᠢᠵᠤ᠂ ᠥᠨᠳᠥᠷ ᠬᠦᠴᠦᠯᠡᠴᠡ ᠲᠠᠢ ᠬᠥᠳᠡᠯᠭᠡᠭᠡᠨ ᠬᠢᠬᠦ ᠳᠤ ᠬᠠᠮᠠᠭᠠᠯᠠᠬᠤ ᠪᠠᠭᠠᠵᠢ ᠵᠡᠭᠦᠵᠤ᠂ ᠪᠤᠯᠴᠢᠩ ᠮᠢᠬ᠎ᠠ ᠪᠠ ᠦᠶ᠎ᠡ ᠬᠡᠰᠢᠭᠦᠦ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ︾ ᠭᠡᠵᠤ ᠯᠧᠢ ᠭᠤᠸᠠᠩ ᠬᠤᠸᠠ ᠰᠠᠨᠠᠭᠤᠯᠤᠯ᠎ᠠ᠃      ᠬᠤᠨᠠᠨ ᠮᠤᠵᠢ ᠶᠢᠨ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠡᠪᠡᠳᠴᠢᠨ ᠤ ᠬᠢᠳᠠᠳ ᠡᠮ ᠡᠮᠨᠡᠯᠭᠡ ᠶᠢᠨ ᠤᠨᠤᠰᠢᠯᠠᠨ ᠡᠮᠨᠡᠬᠦ ᠲᠥᠪ ᠤᠨ ᠡᠷᠬᠢᠯᠡᠭᠴᠢ ᠶᠠᠩ ᠫᠢᠩ ᠰᠠᠨᠠᠭᠤᠯᠬᠤ ᠳᠠᠭᠠᠨ᠂ ᠰᠢᠯᠭᠠᠭᠤᠯᠤᠭᠴᠢ ᠰᠢᠯᠭᠠᠯᠲᠠ ᠳᠤ ᠪᠡᠯᠡᠳᠬᠡᠬᠦ ᠬᠤᠭᠤᠴᠠᠭᠠᠨ ᠳᠤ ᠪᠠᠴᠢᠮᠳᠠᠵᠤ ᠰᠠᠨᠳᠤᠷᠬᠤ ᠵᠡᠷᠭᠡ ᠪᠠᠶᠢᠳᠠᠯ ᠢᠯᠡᠷᠡᠵᠤ᠂ ᠳᠡᠯᠢᠭᠦᠦ ᠬᠤᠳᠤᠭᠤᠳᠤᠨ ᠤ ᠴᠢᠳᠠᠮᠵᠢ ᠶᠢ ᠨᠥᠯᠦᠭᠡᠯᠡᠵᠤ ᠮᠡᠳᠡᠨ᠎ᠡ᠃ ᠰᠢᠯᠭᠠᠯᠲᠠ ᠣᠶᠢᠷᠠᠳᠬᠤ ᠲᠤᠲᠤᠮ ᠰᠢᠯᠭᠠᠭᠤᠯᠤᠭᠴᠢ ᠶᠢᠨ ᠰᠡᠳᠬᠢᠯ ᠰᠠᠨᠠᠭ᠎ᠠ ᠤᠯᠠᠮ ᠲᠠᠶᠢᠪᠤᠩ ᠪᠠᠶᠢᠬᠤ ᠬᠡᠷᠡᠭᠲᠡᠢ᠂ ᠡᠩ ᠤᠨ ᠴᠠᠭ ᠤᠨ ᠢᠳᠡᠭᠡᠨ ᠤᠮᠳᠠᠭᠠᠨ ᠤ ᠳᠠᠳᠬᠠᠯ ᠢᠶᠠᠨ ᠬᠤᠪᠢᠷᠠᠭᠤᠯᠵᠤ ᠪᠤᠯᠬᠤ ᠦᠭᠡᠢ᠂ ᠳᠡᠩᠳᠡᠭᠦᠦ ᠲᠤᠰᠤᠯᠢᠭ ᠢᠳᠡᠭᠡᠨ ᠢᠳᠡᠵᠤ ᠪᠤᠯᠬᠤ ᠦᠭᠡᠢ᠂ ᠬᠤᠳᠤᠭᠤᠳᠤ ᠬᠡᠳᠡᠰᠦᠨ ᠤ ᠳᠠᠷᠤᠭᠠᠰᠤ ᠶᠢ ᠬᠥᠨᠳᠦᠷᠡᠭᠦᠯᠬᠦ ᠠᠴᠠ ᠵᠠᠶᠢᠯᠠᠰᠬᠢᠬᠦ ᠬᠡᠷᠡᠭᠲᠡᠢ᠃ ᠰᠢᠯᠭᠠᠭᠤᠯᠤᠭᠴᠢ ᠭᠦᠢᠴᠡᠳ ᠤᠭᠤᠷᠠᠭ ᠢᠳᠡᠬᠦ ᠶᠢ ᠪᠠᠲᠤᠯᠠᠵᠤ᠂ ᠵᠤᠬᠢᠬᠤ ᠬᠡᠮᠵᠢᠶᠡᠨ ᠤ ᠵᠢᠭᠠᠰᠤᠨ ᠮᠢᠬ᠎ᠠ ᠂ ᠬᠠᠷ᠎ᠠ ᠮᠢᠬ᠎ᠠ᠂ ᠲᠠᠬᠢᠶᠠᠨ ᠥᠨᠳᠡᠭᠡ᠂ ᠦᠨᠢᠶᠡᠨ ᠰᠦ᠂ ᠳ᠋ᠧᠦᠹᠦ᠋ ᠵᠡᠷᠭᠡ ᠶᠢ ᠢᠳᠡᠨ᠎ᠡ᠃ ᠪᠠᠰᠠ ᠰᠢᠨ᠎ᠡ ᠰᠤᠷᠭᠤᠭ ᠢᠳᠡᠰᠢᠨ ᠨᠤᠭᠤᠭ᠎ᠠ ᠢᠳᠡᠵᠤ᠂ ᠺᠠᠯᠼ ᠤᠨ ᠰᠢᠩᠭᠡᠭᠡᠯᠲᠡ ᠶᠢ ᠠᠬᠢᠭᠤᠯᠬᠤ ᠬᠡᠷᠡᠭᠲᠡᠢ ᠭᠡᠵᠡᠢ᠃  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠤᠨᠢᠨ ᠤ ᠸᠢᠴᠠᠲ ᠳᠠᠪᠴᠠᠩ