ᠪᠦᠬᠦ ᠣᠷᠣᠨ ᠤ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠠᠵᠢᠯᠯᠠᠭ᠎ᠠ ᠶᠢ ᠴᠢᠨᠠᠭᠰᠢᠳᠠ ᠤᠯᠠᠮ ᠵᠢᠷᠤᠮᠵᠢᠭᠤᠯᠤᠨ᠂ ᠡᠮ ᠤᠨ ᠵᠦᠢᠯ ᠢ | ᠰᠦᠯᠵᠢᠶ᠎ᠡ ᠪᠠᠷ ᠪᠣᠷᠣᠯᠠᠭᠤᠯᠬᠤ ᠵᠠᠬ᠎ᠠ ᠳᠡᠯᠭᠡᠭᠦᠷ ᠢ ᠴᠡᠪᠡᠷᠰᠢᠭᠦᠯᠬᠦ ᠶᠢᠨ ᠲᠥᠯᠥᠭᠡ᠂ 1 ᠳ᠋ᠦ᠋ᠭᠡᠷ ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠣᠷᠣᠨ ᠤ ᠬᠡᠪᠴᠢᠶᠡᠨ ᠳᠤ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ | ᠭᠤᠭᠴᠤᠭ᠎ᠠ ᠶᠢ ᠲᠥᠪᠯᠡᠷᠡᠭᠦᠯᠦᠨ ᠵᠠᠰᠠᠬᠤ ᠠᠵᠢᠯ ᠢ ᠪᠠᠶᠢᠷᠢᠯᠠᠭᠤᠯᠤᠨ ᠥᠷᠨᠢᠭᠦᠯᠦᠭᠡᠳ᠂ ᠭᠤᠤᠯᠳᠠᠭᠤ ᠬᠢᠷᠢ ᠬᠡᠮ ᠦᠭᠡᠢ ᠪᠠᠷ ᠡᠮ ᠤᠨ ᠵᠦᠢᠯ ᠢ | ᠰᠦᠯᠵᠢᠶ᠎ᠡ ᠪᠠᠷ ᠪᠣᠷᠤᠯᠠᠭᠤᠯᠤᠭᠰᠠᠨ ᠠᠵᠢᠯᠯᠠᠭ᠎ᠠ᠂ ᠬᠠᠭᠤᠷᠮᠠᠭ ᠮᠠᠭᠤ ᠡᠮ ᠤᠨ ᠵᠦᠢᠯ ᠢ ᠰᠦᠯᠵᠢᠶ᠎ᠡ ᠪᠠᠷ ᠪᠣᠷᠤᠯᠠᠭᠤᠯᠤᠭᠰᠠᠨ ᠦᠶ᠋ᠯᠡ ᠠᠵᠢᠯᠯᠠᠭ᠎ᠠ᠂ | ᠵᠣᠷ ᠤᠨ ᠡᠮ ᠢ ᠰᠦᠯᠵᠢᠶ᠎ᠡ ᠪᠠᠷ ᠪᠣᠷᠣᠯᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠨᠤᠭᠤᠳ ᠲᠤ ᠴᠣᠬᠢᠯᠲᠠ ᠥᠭᠴᠦ᠂ | ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠣᠷᠴᠢᠨ ᠨᠥᠭᠦᠴᠡᠯ ᠤᠨ ᠵᠠᠰᠠᠯᠲᠠ ᠶᠢ ᠭᠦᠨᠵᠡᠭᠡᠢ ᠥᠷᠨᠢᠭᠦᠯᠦᠨ᠂ ᠡᠮ ᠤᠨ ᠵᠦᠢᠯ ᠢ ᠰᠦᠯᠵᠢᠶ᠎ᠡ ᠪᠠᠷ | ᠵᠢᠵᠢᠭᠯᠡᠨ ᠬᠤᠳᠠᠯᠳᠤᠵᠤ ᠲᠣᠬᠢᠷᠠᠭᠤᠯᠤᠨ ᠬᠦᠷᠭᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠣᠲᠣ | ᠪᠣᠯᠲᠠᠯ᠎ᠠ᠂ ᠪᠥᠬᠦ ᠣᠷᠣᠨ ᠳᠤ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠭᠤᠷᠪᠠᠳᠠᠭᠢ ᠡᠲᠡᠭᠡᠳ ᠤᠨ ᠲᠠᠪᠴᠠᠩ ᠢ ᠳᠠᠪᠬᠤᠷᠳᠠᠭᠰᠠᠨ ᠲᠤᠭ᠎ᠠ ᠪᠠᠷ | ᠬᠤᠶᠠᠷ ᠤᠳᠠᠭ᠎ᠠ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠠᠵᠤ ᠠᠬᠤᠶᠢᠯᠠᠯ ᠢ ᠳᠠᠪᠬᠤᠷᠳᠠᠭᠰᠠᠨ ᠲᠤᠭ᠎ᠠ ᠪᠠᠷ 1028 ᠤᠳᠠᠭ᠎ᠠ | ᠪᠠᠶᠢᠴᠠᠭᠠᠵᠤ᠂ ᠳᠠᠪᠬᠤᠷᠳᠠᠭᠰᠠᠨ ᠲᠤᠭ᠎ᠠ ᠪᠠᠷ 28 ᠤᠳᠠᠭ᠎ᠠ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠵᠠᠢ᠃ | ᠠᠵᠢᠯ ᠤᠨ ᠢᠶᠠᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠮ ᠤᠨ ᠵᠦᠢᠯ ᠢ | ᠰᠦᠯᠵᠢᠶ᠎ᠡ ᠪᠠᠷ ᠪᠣᠷᠣᠯᠠᠭᠤᠯᠬᠤ ᠲᠤᠬᠠᠶᠢᠯᠠᠭᠰᠠᠨ ᠠᠵᠢᠯ ᠥᠷᠨᠢᠭᠦᠯᠳᠡᠭ ᠠᠵᠤ ᠠᠬᠤᠶᠢᠯᠠᠯ ᠤᠳ ᠤᠨ ︽ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ | ᠠᠵᠤ ᠠᠬᠤᠶᠢᠯᠠᠯ ᠤᠨ ᠮᠡᠳᠡᠭᠦᠯᠦᠯᠲᠡ ᠶᠢᠨ ᠮᠡᠳᠡᠭᠡ ᠵᠠᠩᠭᠢ ᠶᠢᠨ ᠬᠦᠰᠦᠨᠦᠭ︾ ᠢ ᠦᠨᠡᠨ ᠮᠥᠨ ᠢᠶᠠᠷ ᠨᠢ ᠲᠠᠭᠯᠠᠬᠤ ᠶᠢ ᠵᠣᠬᠢᠶᠠᠨ ᠪᠠᠶᠢᠭᠤᠯᠵᠤ᠂ ᠠᠵᠤ | ᠠᠬᠤᠶᠢᠯᠠᠯ ᠤᠨ ᠨᠡᠷᠡᠶᠢᠳᠦᠯ᠂ ᠰᠦᠯᠵᠢᠶᠡᠨ ᠤ ᠨᠡᠷᠡᠶᠢᠳᠦᠯ᠂ IP ᠬᠠᠶ᠋ᠢᠭ᠂ ᠭᠤᠷᠪᠠᠳᠠᠭᠢ ᠡᠲᠡᠭᠡᠳ ᠤᠨ ᠲᠠᠪᠴᠠᠩ ᠳᠤ ᠣᠷᠣᠵᠤ ᠰᠠᠭᠤᠭᠰᠠᠨ ᠮᠡᠳᠡᠭᠡ | ᠵᠠᠩᠭᠢ᠂ ᠡᠮ ᠤᠨ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠮᠡᠳᠡᠭᠡ ᠵᠠᠩᠭᠢ ᠨᠤᠭᠤᠳ ᠢ ᠬᠠᠷᠭᠤᠭᠤᠯᠬᠤ ᠪᠠ | ᠬᠤᠷᠢᠶᠠᠩᠭᠤᠶᠢᠯᠠᠬᠤ ᠶᠢ ᠰᠠᠶᠢᠲᠤᠷ ᠬᠢᠵᠦ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠭᠤᠷᠪᠠᠳᠠᠭᠢ ᠡᠲᠡᠭᠡᠳ ᠤᠨ ᠲᠠᠪᠴᠠᠩ ᠪᠠ ᠠᠵᠤ | ᠠᠬᠤᠶᠢᠯᠠᠯ ᠤᠳ ᠤᠨ ᠬᠢᠨᠠᠯᠲᠠ ᠬᠠᠮᠢᠶᠠᠷᠤᠯᠲᠠ ᠶᠢᠨ ᠡᠬᠡ ᠲᠠᠩᠰᠠ ᠪᠠ ᠠᠰᠠᠭᠤᠳᠠᠯ ᠤᠨ ᠨᠠᠷᠢᠨ ᠬᠠᠭᠤᠳᠠᠰᠤ ᠶᠢ ᠪᠠᠶᠢᠭᠤᠯᠤᠨ᠂ ᠭᠠᠷᠤᠯ ᠡᠭᠦᠰᠦᠯ | ᠲᠣᠳᠣᠷᠬᠠᠢ᠂ ᠪᠠᠶᠢᠳᠠᠯ ᠢᠯᠡ᠂ ᠠᠷᠭ᠎ᠠ ᠬᠡᠮᠵᠢᠶ᠎ᠡ ᠣᠨᠣᠪᠴᠢᠲᠠᠶ᠂ ᠦᠷ᠎ᠡ ᠪᠦᠲᠦᠮᠵᠢ ᠰᠠᠶᠢᠨ ᠪᠠᠶᠢᠬᠤ ᠶᠢ ᠪᠡᠶᠡᠯᠡᠭᠦᠯᠵᠦ ᠴᠢᠳᠠᠵᠠᠢ᠃ ᠪᠠᠰᠠ᠂ ︽ᠪᠥᠬᠦ | ᠣᠷᠣᠨ ᠢᠶᠠᠷ ᠢᠶᠠᠨ ᠨᠢᠭᠡ ᠬᠥᠯᠭᠡ ᠰᠢᠲᠠᠷ᠎ᠠ︾ ᠶᠢ ᠪᠠᠷᠢᠮᠲᠠᠯᠠᠵᠤ᠂ ᠡᠯ᠎ᠡ ᠠᠶᠢᠮᠠᠭ ᠬᠤᠲᠠ ᠶᠢ ᠵᠢᠯᠣᠭᠤᠳᠤᠨ ᠠᠵᠢᠯ ᠤᠨ ᠪᠣᠳᠠᠲᠠᠢ ᠲᠠᠢ ᠨᠢ ᠤᠶᠠᠯᠳᠤᠭᠰᠠᠨ | ᠲᠤᠰᠬᠠᠢ ᠵᠠᠰᠠᠬᠤ ᠠᠵᠢᠯ ᠤᠨ ᠠᠷᠭ᠎ᠠ ᠬᠡᠮᠵᠢᠶ᠎ᠡ ᠲᠣᠭᠲᠠᠭᠠᠯᠭᠠᠵᠤ᠂ ᠪᠠᠶᠢᠴᠠᠭᠠᠭᠰᠠᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ | ᠬᠤᠷᠢᠶᠠᠩᠭᠤᠶᠢᠯᠠᠭᠤᠯᠵᠤ᠂ ᠲᠤᠰᠬᠠᠢ ᠵᠠᠰᠠᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠠᠬᠢᠭᠤᠯᠪᠠ᠃ ᠲᠡᠷᠡᠴᠢᠯᠡᠨ᠂ ᠲᠤᠰᠬᠠᠢ ᠵᠠᠰᠠᠬᠤ | ᠠᠵᠢᠯ ᠢ ᠣᠨ ᠤ ᠡᠮ ᠤᠨ ᠵᠦᠢᠯ ᠤᠨ ᠠᠮᠤᠷ ᠲᠦᠪᠰᠢᠨ ᠢ ᠰᠢᠯᠭᠠᠨ ᠬᠢᠨᠠᠬᠤ ᠠᠭᠤᠯᠭᠠᠨ ᠳᠤ ᠣᠷᠣᠭᠤᠯᠤᠨ᠂ ᠡᠯ᠎ᠡ ᠠᠶᠢᠮᠠᠭ ᠬᠤᠲᠠ ᠶᠢ ᠬᠠᠷᠢᠶ᠎ᠠ | ᠣᠷᠣᠨ ᠤ ᠳᠣᠲᠣᠷᠠᠬᠢ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠨ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠨ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤ ᠪᠠᠷ ᠢᠶᠠᠨ ᠬᠠᠮᠵᠢᠯᠴᠠᠨ ᠬᠥᠳᠡᠯᠦᠯᠴᠡᠭᠰᠡᠨ ᠠᠵᠢᠯ ᠤᠨ | ᠵᠠᠭᠪᠤᠷ ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | ᠡᠭᠦᠨ ᠤ ᠬᠠᠮᠲᠤ᠂ ᠪᠥᠬᠦ ᠣᠷᠣᠨ ᠤ ᠡᠯ᠎ᠡ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢ ᠵᠣᠬᠢᠶᠠᠨ | ᠪᠠᠶᠢᠭᠤᠯᠤᠨ ᠲᠤᠰᠬᠠᠢ ᠪᠠᠶᠢᠴᠠᠭᠠᠯᠲᠠ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠰᠦᠯᠵᠢᠶ᠎ᠡ ᠪᠠᠷ ᠲᠣᠭᠤᠷᠢᠨ ᠪᠠᠶᠢᠴᠠᠭᠠᠬᠤ᠂ ᠶᠠᠷᠢᠶ᠎ᠠ | ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠪᠠ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠡᠮ ᠤᠨ ᠵᠦᠢᠯ ᠢ | ᠰᠦᠯᠵᠢᠶ᠎ᠡ ᠪᠠᠷ ᠪᠣᠷᠣᠯᠠᠭᠤᠯᠬᠤ ᠭᠤᠷᠪᠠᠳᠠᠭᠢ ᠡᠲᠡᠭᠡᠳ ᠤᠨ ᠲᠠᠪᠴᠠᠩ ᠪᠠ ᠠᠵᠤ ᠠᠬᠤᠶᠢᠯᠠᠯ ᠤᠳ ᠢ ᠨᠡᠶᠢᠳᠡᠮ ᠪᠠᠶᠢᠴᠠᠭᠠᠪᠠ᠃ ︽ᠰᠦᠯᠵᠢᠶ᠎ᠡ ᠪᠠᠷ | ᠰᠦᠯᠵᠢᠶ᠎ᠡ ᠶᠢ ᠬᠠᠮᠢᠶᠠᠷᠬᠤ︾ ᠣᠨᠣᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠣᠶᠣᠨᠲᠤ ᠬᠢᠨᠠᠯᠲᠠ ᠬᠠᠮᠢᠶᠠᠷᠤᠯᠲᠠ ᠶᠢᠨ | ᠲᠠᠪᠴᠠᠩ ᠢ ᠰᠦᠪᠡᠭᠴᠢᠯᠡᠨ ᠠᠰᠢᠭᠯᠠᠵᠤ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠶᠢ ᠬᠢᠨᠠᠨ ᠬᠡᠮᠵᠢᠬᠦ ᠶᠢ ᠬᠡᠷᠡᠭᠵᠢᠭᠦᠯᠦᠨ᠂ ᠡᠮ ᠤᠨ ᠵᠦᠢᠯ ᠢ | ᠰᠦᠯᠵᠢᠶ᠎ᠡ ᠪᠠᠷ ᠪᠣᠷᠣᠯᠠᠭᠤᠯᠬᠤ ᠶᠢ ᠬᠢᠨᠠᠨ ᠬᠠᠮᠢᠶᠠᠷᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠢᠨᠠᠯᠲᠠ | ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠡᠢ᠃ | |