ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠵᠣᠨ ᠤ ᠠᠭᠠᠷ ᠠᠶᠠᠯᠠᠯ ᠤᠨ | ᠤᠯᠠᠷᠢᠯ ᠳᠤ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠡᠳᠦᠷ ᠪᠦᠷᠢ ᠳᠤᠮᠳᠠᠴᠢ ᠪᠠᠷ 1023 ᠡᠭᠡᠯᠵᠢ ᠶᠢᠨ ᠨᠢᠰᠬᠡᠯ ᠢ | ᠨᠢᠰᠭᠡᠬᠦ ᠪᠠᠷ ᠲᠥᠯᠥᠪᠯᠡᠵᠦ᠂ ᠨᠡᠶᠢᠲᠡ 40 ᠠᠭᠠᠷ ᠠᠶᠠᠯᠠᠯ ᠤᠨ ᠺᠣᠮᠫᠠᠨᠢ ᠢ ᠡᠵᠡᠩᠨᠡᠯᠲᠡ ᠳᠤ ᠣᠷᠣᠯᠴᠠᠭᠤᠯᠤᠨ᠂ 320 ᠠᠭᠠᠷ ᠠᠶᠠᠯᠠᠯ ᠤᠨ ᠱᠤᠭᠤᠮ ᠢ | ᠡᠵᠡᠩᠨᠡᠬᠦ ᠪᠠ 99 ᠬᠤᠲᠠᠨ ᠳᠤ ᠠᠭᠠᠷ ᠠᠶᠠᠯᠠᠯ ᠨᠡᠪᠲᠡᠷᠡᠭᠦᠯᠬᠦ ᠪᠠᠷ ᠲᠥᠯᠥᠪᠯᠡᠵᠦ ᠪᠣᠶ᠃ | ᠵᠤᠨ ᠤ ᠠᠭᠠᠷ ᠠᠶᠠᠯᠠᠯ ᠤᠨ ᠤᠯᠠᠷᠢᠯ ᠢ ᠤᠭᠲᠤᠬᠤ ᠶᠢᠨ ᠲᠥᠯᠥᠭᠡ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ | ᠭᠤᠣᠯᠳᠠᠭᠤ ᠤᠯᠤᠰ ᠤᠨ ᠠᠭᠠᠷ ᠠᠶᠠᠯᠠᠯ ᠤᠨ ᠺᠣᠮᠫᠠᠨᠢ᠂ ᠳᠣᠷᠣᠨᠠᠲᠤ ᠶᠢᠨ ᠠᠭᠠᠷ ᠠᠶᠠᠯᠠᠯ ᠤᠨ ᠺᠣᠮᠫᠠᠨᠢ᠂ ᠲᠢᠶᠠᠨᠵᠢᠨ ᠠᠭᠠᠷ ᠠᠶᠠᠯᠠᠯ ᠤᠨ ᠺᠣᠮᠫᠠᠨᠢ᠂ | ᠴᠧᠩᠳᠦ᠋ ᠠᠭᠠᠷ ᠠᠶᠠᠯᠠᠯ ᠤᠨ ᠺᠣᠮᠫᠠᠨᠢ᠂ ᠬᠤᠸᠠᠰᠢᠶᠠ ᠠᠭᠠᠷ ᠠᠶᠠᠯᠠᠯ ᠤᠨ ᠺᠣᠮᠫᠠᠨᠢ ᠵᠡᠷᠭᠡ ᠠᠭᠠᠷ ᠠᠶᠠᠯᠠᠯ ᠤᠨ ᠺᠣᠮᠫᠠᠨᠢ ᠨᠤᠭᠤᠳ ᠲᠠᠢ ᠤᠯᠠᠨ | ᠡᠭᠡᠯᠵᠢᠨ ᠤ ᠵᠥᠪᠳᠡᠯᠴᠡᠭᠡ ᠥᠷᠨᠢᠭᠦᠯᠵᠦ᠂ ᠴᠠᠭ ᠤᠨ ᠡᠬᠢ ᠪᠠᠶᠠᠯᠢᠭ ᠢ ᠠᠰᠢᠭᠯᠠᠬᠤ᠂ ᠲᠤᠬᠠᠢ ᠶᠢᠨ ᠲᠠᠯᠠᠪᠠᠢ ᠳᠠᠬᠢ ᠵᠥᠭᠡᠭᠡᠪᠦᠷᠢ ᠶᠢᠨ ᠬᠦᠴᠦᠨ ᠢ ᠳᠠᠲᠠᠨ | ᠣᠷᠣᠭᠤᠯᠬᠤ᠂ ᠠᠶᠠᠯᠠᠯ ᠤᠨ ᠱᠤᠭᠤᠮ ᠤᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠲᠣᠬᠢᠷᠠᠯᠴᠠᠵᠤ᠂ ᠪᠦᠬᠦ ᠣᠷᠣᠨ ᠤ ᠰᠢᠨ᠎ᠡ | ᠠᠭᠠᠷ ᠠᠶᠠᠯᠠᠯ ᠤᠨ ᠤᠯᠠᠷᠢᠯ ᠤᠨ ᠠᠶᠠᠯᠠᠯ ᠤᠨ ᠱᠤᠭᠤᠮ ᠤᠨ ᠲᠣᠣᠷ ᠤᠨ ᠨᠡᠪᠲᠡᠷᠡᠯᠴᠡᠬᠦ ᠴᠢᠨᠠᠷ ᠢ ᠪᠦᠲᠦᠮᠵᠢᠲᠡᠢ ᠳᠡᠭᠡᠭᠰᠢᠯᠡᠭᠦᠯᠪᠡ᠃ ᠠᠭᠠᠷ ᠠᠶᠠᠯᠠᠯ ᠤᠨ | ᠱᠤᠭᠤᠮ ᠤᠨ ᠪᠦᠲᠦᠴᠡ ᠶᠢᠨ ᠲᠠᠯ᠎ᠠ ᠪᠠᠷ᠂ ᠬᠥᠬᠡᠬᠤᠲᠠ ᠶᠢᠨ ᠨᠢᠰᠬᠡᠯ ᠤᠨ ᠪᠠᠭᠤᠳᠠᠯ ᠠᠴᠠ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠤᠨ | ᠭᠤᠷᠪᠠᠯᠵᠢᠨ ᠬᠤᠶᠢᠭ᠂ ᠴᠧᠩᠳᠦ᠋ ᠴᠦᠩᠴᠢᠩ ᠤᠨ ᠬᠤᠲᠠ ᠶᠢᠨ ᠪᠥᠭᠡᠮᠨᠡᠷᠡᠯ ᠵᠢᠴᠢ ᠭᠤᠣᠯᠳᠠᠯᠭ᠎ᠠ ᠲᠠᠢ ᠵᠢᠭᠤᠯᠴᠢᠯᠠᠯ ᠤᠨ ᠬᠤᠲᠠ ᠨᠤᠭᠤᠳ ᠲᠤ ᠬᠦᠷᠬᠦ | ᠡᠭᠡᠯᠵᠢ ᠶᠢᠨ ᠨᠢᠰᠬᠡᠯ ᠤᠨ ᠳᠠᠪᠲᠠᠮᠵᠢ ᠶᠢ ᠦᠷᠭᠦᠯᠵᠢᠯᠡᠨ ᠨᠡᠮᠡᠭᠳᠡᠭᠦᠯᠦᠨ᠎ᠡ︔ ᠧᠨ ᠱᠢ᠂ ᠰᠢᠶᠠᠩ ᠶᠠᠩ᠂ ᠾᠧᠩ ᠶᠠᠩ᠂ ᠵᠦᠩ ᠸᠧᠢ᠂ ᠹᠦ᠋ ᠶᠠᠩ᠂ | ᠬᠤᠢ ᠵᠧᠦ᠂ ᠵᠢᠢ ᠨᠢᠩ᠂ ᠶᠠᠨ ᠴᠧᠩ ᠵᠡᠷᠭᠡ ᠡᠭᠡᠯᠵᠢ ᠶᠢᠨ ᠨᠢᠰᠬᠡᠯ ᠢ ᠰᠢᠨ᠎ᠡ ᠪᠠᠷ ᠨᠡᠮᠡᠨ᠎ᠡ︔ ︽ᠬᠥᠬᠡᠬᠤᠲᠠ ᠶᠢᠨ ᠰᠠᠯᠪᠤᠷᠢ︾ ᠡᠭᠡᠯᠵᠢ ᠶᠢᠨ | ᠨᠢᠰᠬᠡᠯ ᠨᠦᠭᠦᠳ ᠤᠨ ᠳᠡᠪᠲᠡᠮᠵᠢ ᠶᠢ ᠰᠢᠯᠢᠳᠡᠭᠵᠢᠭᠦᠯᠵᠦ᠂ ᠡᠳᠦᠷ ᠪᠦᠷᠢ ᠶᠢᠨ ᠳᠤᠮᠳᠠᠴᠢ ᠡᠭᠡᠯᠵᠢ ᠶᠢᠨ ᠨᠢᠰᠬᠡᠯ ᠤᠨ ᠲᠤᠭ᠎ᠠ ᠶᠢ 77 ᠡᠭᠡᠯᠵᠢ ᠳᠤ | ᠬᠦᠷᠦᠭᠦᠯᠦᠨ᠎ᠡ︔ ᠤᠯᠠᠨ ᠤᠯᠤᠰ ᠤᠨ ᠪᠠ ᠭᠠᠵᠠᠷ ᠣᠷᠣᠨ ᠤ ᠠᠭᠠᠷ ᠠᠶᠠᠯᠠᠯ ᠤᠨ ᠱᠤᠭᠤᠮ ᠢ ᠡᠮᠬᠢ ᠳᠠᠷᠠᠭᠠᠯᠠᠯ ᠲᠠᠢ ᠪᠠᠷ ᠰᠡᠷᠭᠦᠭᠡᠨ᠂ ᠤᠯᠠᠷᠢᠯ | ᠰᠣᠯᠢᠭᠳᠠᠭᠰᠠᠨ ᠤ ᠲᠠᠷᠠᠭ᠎ᠠ ᠤᠯᠠᠨ ᠤᠯᠤᠰ ᠤᠨ ᠪᠠ ᠭᠠᠵᠠᠷ ᠣᠷᠣᠨ ᠤ ᠠᠭᠠᠷ ᠠᠶᠠᠯᠠᠯ ᠤᠨ ᠱᠤᠭᠤᠮ ᠢ ᠨᠡᠶᠢᠳᠡ 6 ᠨᠡᠪᠲᠡᠷᠡᠭᠦᠯᠬᠦ ᠪᠠᠷ ᠲᠥᠯᠥᠪᠯᠡᠵᠦ | ᠪᠠᠶᠢᠨ᠎ᠠ᠃ | ᠡᠭᠦᠨ ᠤ ᠬᠠᠮᠲᠤ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠬᠥᠬᠡᠬᠤᠲᠠ ᠶᠢᠨ ᠪᠠᠷᠠᠭᠠᠨ ᠤ ᠲᠡᠭᠡᠭᠡᠪᠦᠷᠢ ᠶᠢᠨ | ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠤᠯᠠᠮ ᠴᠢᠩᠭᠠᠳᠬᠠᠵᠤ᠂ ᠪᠠᠷᠠᠭᠠᠨ ᠤ ᠲᠡᠭᠡᠭᠡᠪᠦᠷᠢ ᠶᠢᠨ ᠵᠥᠭᠡᠭᠡᠪᠦᠷᠢᠯᠡᠬᠦ ᠬᠦᠴᠦᠨ ᠢ | ᠣᠷᠣᠭᠤᠯᠤᠨ ᠠᠪᠴᠢᠷᠠᠬᠤ ᠪᠠᠨ ᠲᠦᠷᠭᠡᠳᠬᠡᠨ᠂ ᠬᠥᠬᠡᠬᠤᠲᠠ = ᠵᠧᠩᠵᠧᠦ ᠶᠢᠨ ᠴᠤᠯᠤ ᠪᠠᠷᠠᠭᠠᠨ ᠤ ᠨᠢᠰᠬᠡᠯ ᠤᠨ ᠠᠶᠠᠯᠠᠯ ᠤᠨ ᠱᠤᠭᠤᠮ ᠢ ᠰᠢᠨ᠎ᠡ ᠪᠠᠷ | ᠨᠡᠮᠡᠭᠳᠡᠭᠦᠯᠵᠦ᠂ ᠡᠳᠦᠷ ᠪᠦᠷᠢ 1 ᠡᠭᠡᠯᠵᠢ ᠪᠠᠷ ᠲᠥᠯᠥᠪᠯᠡᠵᠦ ᠪᠤᠢ︔ ᠬᠥᠬᠡᠬᠤᠲᠠ = ᠤᠯᠠᠭᠠᠨᠪᠠᠭᠠᠲᠤᠷ ᠤᠨ ᠣᠯᠠᠨ ᠤᠯᠤᠰ ᠤᠨ ᠴᠤᠯᠤ ᠪᠠᠷᠠᠭᠠᠨ ᠤ | ᠨᠢᠰᠬᠡᠯ ᠤᠨ ᠠᠶᠠᠯᠠᠯ ᠤᠨ ᠱᠤᠭᠤᠮ ᠢ ᠰᠡᠷᠭᠦᠭᠡᠨ ᠡᠵᠡᠩᠨᠡᠵᠦ᠂ ᠭᠠᠷᠠᠭ ᠲᠤ 3 ᠡᠭᠡᠯᠵᠢ ᠪᠠᠷ ᠲᠥᠯᠥᠪᠯᠡᠵᠦ ᠪᠣᠶ︔ ᠬᠥᠬᠡᠬᠤᠲᠠ ᠶᠢᠨ ᠨᠢᠰᠬᠡᠯ ᠤᠨ | ᠪᠠᠭᠤᠳᠠᠯ ᠤᠨ ᠲᠣᠮᠣ ᠬᠡᠯᠪᠡᠷᠢ ᠶᠢᠨ ᠪᠠᠷᠠᠭᠠᠨ ᠤ ᠨᠢᠰᠬᠡᠯ ᠤᠨ ᠬᠠᠷᠢᠴᠠᠯ ᠢ ᠥᠰᠬᠡᠵᠦ᠂ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠪᠠᠷᠠᠭᠠᠨ ᠤ | ᠲᠡᠭᠡᠭᠡᠪᠦᠷᠢ ᠶᠢᠨ ᠵᠠᠩᠭᠢᠯᠠᠭ᠎ᠠ ᠶᠢᠨ ᠴᠢᠳᠠᠮᠵᠢ ᠶᠢᠨ ᠲᠦᠪᠰᠢᠨ ᠢ ᠨᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | |