ᠤᠶᠢᠷ᠎ᠠ ᠳᠤ᠂ ᠮᠠᠨ ᠤ ᠬᠤᠰᠢᠭᠤᠨ ᠤ ᠪᠠᠶᠠᠨᠬᠤᠸᠠ ᠪᠠᠯᠭᠠᠰᠤ᠂ ᠰᠠᠭᠠᠳᠠᠭ ᠰᠤᠮᠤ᠂ ᠡᠷᠳᠡᠨᠢᠪᠤᠯᠠᠭ ᠰᠤᠮᠤ᠂ ᠪᠠᠭ᠎ᠠ ᠰᠢᠭᠡᠲᠡᠢ ᠪᠠᠯᠭᠠᠰᠤ᠂ ᠮᠢᠩᠭᠠᠨ | ᠪᠠᠯᠭᠠᠰᠤ ᠵᠡᠷᠭᠡ ᠭᠠᠵᠠᠷ ᠲᠤ ᠬᠤᠷᠣᠬᠠᠢ ( ᠬᠠᠪᠣᠷ ᠤᠨ ᠢᠷᠣᠬᠠᠢ︶ ᠶᠢᠨ ᠭᠠᠮᠰᠢᠭ ᠡᠬᠦᠰᠦᠭᠰᠡᠨ ᠠᠴᠠ ᠤᠷᠭᠤᠮᠠᠯ ᠤᠨ ᠪᠦᠷᠬᠦᠴᠡ ᠡᠪᠳᠡᠭᠳᠡᠵᠦ ᠪᠠᠶᠢᠨ᠎ᠠ᠃ | ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠳᠤ ᠤᠴᠠᠷᠠᠭᠤᠯᠬᠤ ᠬᠤᠣᠷ ᠬᠥᠨᠥᠭᠡᠯ ᠢ ᠪᠠᠭᠠᠰᠬᠠᠬᠤ ᠪᠠ ᠬᠢᠵᠠᠭᠠᠷᠯᠠᠬᠤ ᠶᠢᠨ ᠲᠥᠯᠥᠭᠡ | ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠣᠶᠢᠷ᠎ᠠ ᠶᠢᠨ ᠬᠤᠭᠤᠴᠠᠭᠠᠨ ᠳᠤ ᠪᠥᠬᠦ ᠬᠤᠰᠢᠭᠤᠨ ᠤ ᠬᠡᠪᠴᠢᠶᠡᠨ ᠳᠠᠬᠢ ᠬᠤᠷᠣᠬᠠᠢ ᠶᠢᠨ | ᠭᠠᠮᠰᠢᠭ ᠡᠬᠦᠰᠴᠣ ᠪᠠᠶᠢᠭ᠎ᠠ ᠣᠷᠣᠨ ᠳᠤ ᠡᠮ ᠢᠶᠠᠷ ᠬᠤᠷᠣᠬᠠᠢ ᠶᠢ ᠤᠰᠠᠳᠬᠠᠬᠤ ᠠᠵᠢᠯ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ | ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠰᠡᠷᠭᠡᠶᠢᠯᠡᠨ ᠵᠠᠰᠠᠬᠤ ᠴᠠᠭ᠄ 2024 ᠣᠨ ᠤ 5 ᠰᠠᠷ᠎ᠠ ᠶᠢᠨ 10 ᠤ ᠡᠳᠦᠷ ᠠᠴᠠ 5 ᠰᠠᠷ᠎ᠠ ᠶᠢᠨ 28 ᠤ ᠡᠳᠦᠷ ᠪᠣᠯᠲᠠᠯ᠎ᠠ | ᠬᠤᠶᠠᠷ᠂ ᠡᠮ ᠤᠨ ᠨᠡᠷᠡᠶᠢᠳᠦᠯ᠄ ᠠᠮᠢᠳᠤ ᠪᠣᠳᠠᠰ ᠤᠨ ᠨᠠᠶᠢᠷᠠᠯᠭ᠎ᠠ ᠲᠠᠢ ᠡᠮ | ᠭᠤᠷᠪᠠ᠂ ᠡᠮ ᠲᠠᠯᠪᠢᠬᠤ ᠭᠠᠵᠠᠷ᠄ ᠪᠠᠶᠠᠨᠬᠤᠸᠠ ᠪᠠᠯᠭᠠᠰᠤ ︵ᠴᠠᠭᠠᠨᠬᠠᠳᠠ ᠭᠠᠴᠠᠭ᠎ᠠ︶᠂ ᠰᠠᠭᠠᠳᠠᠭ ᠰᠤᠮᠤ ︵ᠰᠠᠭᠠᠳᠠᠭ ᠭᠠᠴᠠᠭ᠎ᠠ᠂ ᠬᠠᠶᠢᠯᠠᠰᠤᠲᠠᠶ | ᠭᠠᠴᠠᠭ᠎ᠠ᠂ ᠪᠠᠬᠢᠳᠢ ᠭᠠᠴᠠᠭ᠎ᠠ︶᠂ ᠡᠷᠳᠡᠨᠢᠪᠤᠯᠠᠭ ᠰᠤᠮᠤ ︵ᠠᠷᠴᠠ ᠭᠠᠴᠠᠭ᠎ᠠ᠂ ᠬᠦᠨᠬᠤᠳᠳᠤᠭ ᠭᠠᠴᠠᠭ᠎ᠠ᠂ ᠪᠠᠶᠠᠨᠬᠤᠸᠠ ᠭᠠᠴᠠᠭ᠎ᠠ︶᠂ ᠪᠠᠭ᠎ᠠ | ᠰᠢᠭᠡᠲᠡᠢ ᠪᠠᠯᠭᠠᠰᠤ ᠵᠢᠴᠢ ᠮᠢᠩᠭᠠᠨ ᠪᠠᠯᠭᠠᠰᠤᠨ ᠤ ᠬᠡᠪᠴᠢᠶᠡᠨ ᠳᠠᠬᠢ ᠬᠤᠷᠣᠬᠠᠶ ᠶᠢᠨ ᠭᠠᠮᠰᠢᠭ ᠡᠬᠦᠰᠦᠭᠰᠡᠨ ᠭᠠᠵᠠᠷ ᠲᠤ᠃ | ᠳᠥᠷᠪᠡ᠂ ᠥᠷᠭᠡᠨ ᠣᠯᠠᠨ ᠮᠠᠯᠴᠢᠨ ᠲᠠᠷᠢᠶᠠᠴᠢᠨ ᠵᠢᠴᠢ ᠮᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠰᠡᠷᠭᠡᠶᠢᠯᠡᠨ ᠵᠠᠰᠠᠬᠤ | ᠬᠤᠭᠤᠴᠠᠭᠠᠨ ᠳᠤ ᠳᠣᠤᠷᠠᠬᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠄ | 1᠂ ᠡᠮ ᠲᠠᠯᠪᠢᠭᠰᠠᠨ 30 ᠡᠳᠦᠷ ᠤᠨ ᠳᠣᠲᠣᠷ᠎ᠠ᠂ ᠡᠮ ᠲᠠᠯᠪᠢᠭᠰᠠᠨ ᠣᠷᠣᠨ ᠳᠤ ᠮᠠᠯ ᠬᠠᠷᠢᠭᠤᠯᠬᠤ ᠪᠠ ᠬᠥᠮᠦᠰ ᠤᠨ ᠠᠵᠢᠯᠯᠠᠭ᠎ᠠ ᠶᠢ ᠪᠠᠭᠠᠰᠬᠠᠵᠤ | ᠂ ᠬᠥᠮᠦᠨ ᠮᠠᠯ ᠳᠤ ᠬᠤᠤᠷᠳᠠᠭᠳᠠᠬᠤ ᠬᠡᠷᠡᠭ ᠭᠠᠷᠬᠤ ᠠᠴᠠ ᠰᠡᠷᠭᠡᠶᠢᠯᠡᠬᠦ ᠬᠡᠷᠡᠭᠲᠡᠶ᠃ | 2᠂ ᠬᠤᠯᠪᠣᠭᠳᠠᠯ ᠪᠦᠬᠦᠢ ᠰᠤᠮᠤ ᠪᠠᠯᠭᠠᠰᠤ᠂ ᠭᠠᠴᠠᠭ᠎ᠠ ᠲᠣᠰᠬᠤᠨ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠳ ᠢ ᠤᠬᠠᠭᠤᠯᠤᠨ ᠳᠠᠶᠢᠴᠢᠯᠠᠵᠤ | ᠬᠤᠷᠣᠬᠠᠶ ᠶᠢ ᠠᠷᠢᠯᠭᠠᠬᠤ ᠳᠤ ᠢᠳᠡᠪᠬᠢᠲᠡᠶ ᠬᠠᠮᠵᠢᠯᠴᠠᠬᠤ ᠶᠢᠨ ᠬᠠᠮᠲᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠯᠡᠰᠦᠨ ᠰᠣᠩᠭᠢᠨ᠎ᠠ | ᠭᠠᠰᠢᠭᠤᠨ ᠨᠣᠭᠤᠭ᠎ᠠ ᠵᠡᠷᠭᠡ ᠬᠡᠭᠡᠷ᠎ᠡ ᠶᠢᠨ ᠨᠣᠭᠤᠭ᠎ᠠ ᠢᠳᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 5 ᠰᠠᠷ᠎ᠠ ᠶᠢᠨ 10 ᠤ ᠡᠳᠦᠷ |