ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠰᠢᠯᠢᠳᠡᠭᠵᠢᠭᠦᠯᠦᠨ ᠵᠠᠰᠠᠭ ᠵᠠᠬᠢᠷᠭᠠᠨ ᠤ ᠴᠢᠳᠠᠮᠵᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ | ᠭᠦᠢᠴᠡᠳᠬᠡᠬᠦ﹀ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ | ᠲᠠᠷᠬᠠᠭᠠᠭᠰᠠᠨ ︹2024︺ 15 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠵᠤ᠂ | ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠬᠠᠮᠢᠶ᠎ᠠ ᠪᠦᠬᠦᠢ ᠠᠭᠤᠯᠭ᠎ᠠ ᠶᠢ ᠨᠠᠩ ᠰᠠᠶᠢᠨ ᠣᠶᠢᠯᠠᠭᠠᠬᠤ ᠳᠤ ᠳᠥᠭᠦᠮᠯᠡᠬᠦ ᠶᠢᠨ ᠲᠥᠯᠥᠭᠡ | ᠂ ︽ᠬᠡᠷᠡᠭᠵᠢᠭᠦᠯᠬᠦ ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠳᠤ ᠳᠠᠷᠠᠭᠠᠬᠢ ᠮᠡᠲᠦ ᠲᠠᠶᠢᠯᠤᠮᠵᠢ ᠬᠢᠪᠡ᠃ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | 2024 ᠣᠨ ᠤ 1 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ | ᠠᠯᠬᠤᠮ ᠰᠢᠯᠢᠳᠡᠭᠵᠢᠭᠦᠯᠦᠨ ᠵᠠᠰᠠᠭ ᠵᠠᠬᠢᠷᠭᠠᠨ ᠤ ᠴᠢᠳᠠᠮᠵᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ | ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ︹2024︺ 3 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ | 16 ᠵᠤᠷᠪᠤᠰ ᠭᠤᠣᠯᠳᠠᠯᠭ᠎ᠠ ᠲᠠᠢ ᠡᠭᠦᠷᠭᠡ ᠶᠢ ᠳᠤᠷᠠᠳᠴᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ | ᠭᠤᠣᠯᠳᠠᠯᠭ᠎ᠠ ᠲᠠᠢ ᠵᠦᠢᠯᠡᠰ ᠤᠨ 13 ᠨᠠᠷᠢᠨ ᠲᠠᠩᠰᠠ ᠶᠢ ᠲᠣᠳᠣᠷᠬᠠᠢ ᠲᠣᠭᠲᠠᠭᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ ︽ᠬᠡᠷᠡᠭᠵᠢᠭᠦᠯᠬᠦ ᠰᠠᠨᠠᠯ︾ ᠢ ᠰᠤᠳᠤᠯᠤᠨ ᠲᠤᠭᠤᠷᠪᠢᠪᠠ᠃ ︽ᠬᠡᠷᠡᠭᠵᠢᠭᠦᠯᠬᠦ ᠰᠠᠨᠠᠯ︾ ᠳᠤ ᠤᠷᠢᠳ | ᠬᠤᠵᠢᠳ 12 ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ 39 ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠬᠠᠤᠯᠢ ᠶᠣᠰᠣᠴᠢ ᠴᠢᠨᠠᠷ ᠢ ᠨᠢ ᠬᠢᠨᠠᠨ ᠪᠠᠶᠢᠴᠠᠭᠠᠵᠤ᠂ 2024 ᠣᠨ ᠤ 4 | ᠳ᠋ᠦ᠋ᠭᠡᠷ ᠰᠠᠷ᠎ᠠ ᠶᠢᠨ 25 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠭᠤᠯᠪᠠ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠳᠤ ᠶᠡᠷᠦᠩᠬᠡᠢ ᠬᠠᠷᠠᠯᠲᠠ᠂ ᠭᠤᠣᠯ ᠡᠭᠦᠷᠭᠡ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ 3 ᠬᠡᠰᠡᠭ ᠢ | ᠪᠠᠭᠲᠠᠭᠠᠨ᠎ᠠ᠃ | ︵ᠨᠢᠭᠡ︶ ᠶᠡᠷᠦᠩᠬᠡᠢ ᠬᠠᠷᠠᠯᠲᠠ᠃ ᠬᠤᠶᠠᠷ ᠱᠠᠲᠤᠨ ᠤ ᠠᠵᠢᠯ ᠤᠨ ᠬᠠᠷᠠᠯᠲᠠ ᠶᠢ ᠳᠤᠷᠠᠳᠪᠠ᠄ 2024 ᠣᠨ ᠳᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠰᠠᠯᠠᠭ᠎ᠠ᠂ ᠨᠢᠭᠡ ᠱᠤᠭᠤᠮ︾ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽5 + | 8 +3+ N︾ ︽ᠨᠢᠭᠡ ᠠᠵᠢᠯ ᠶᠠᠪᠤᠳᠠᠯ︾ ︵︽5︾ ᠨᠢ ᠰᠦᠯᠵᠢᠶᠡᠨ ᠳᠤ ᠣᠷᠣᠭᠤᠯᠤᠭᠰᠠᠨ 5 ︽ᠨᠢᠭᠡ ᠠᠵᠢᠯ ᠶᠠᠪᠤᠳᠠᠯ︾ ᠢ ᠳᠡᠰ ᠳᠡᠪᠰᠢᠭᠦᠯᠬᠦ | ᠂ ︽8︾ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠷ ᠨᠡᠮᠡᠭᠰᠡᠨ 8 ︽ᠨᠢᠭᠡ ᠠᠵᠢᠯ ᠶᠠᠪᠤᠳᠠᠯ︾ ᠢ ᠬᠠᠮᠲᠤᠷᠠᠨ ᠰᠢᠢᠳᠪᠦᠷᠢᠯᠡᠬᠦ᠂ ︽3︾ | ᠨᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 3 ᠢᠨᠵᠧᠨᠧᠷᠢᠩ ᠤᠨ ᠬᠦᠷᠢᠶᠡᠨ ᠳᠠᠬᠢ ︽ᠨᠢᠭᠡ ᠠᠵᠢᠯ ᠶᠠᠪᠤᠳᠠᠯ︾ ᠢ ᠬᠦᠴᠦ ᠪᠠᠨ ᠨᠡᠶᠢᠯᠡᠭᠦᠯᠦᠨ | ᠰᠠᠶᠢᠲᠤᠷ ᠠᠳᠬᠤᠬᠤ᠂ ︽N︾ ᠨᠢ ᠡᠯ᠎ᠡ ᠭᠠᠵᠠᠷ ᠣᠷᠣᠨ ᠤ ᠣᠷᠣᠨ ᠨᠤᠲᠤᠭ ᠤᠨ ᠣᠨᠴᠠᠯᠢᠭ ᠲᠠᠢ N ︽ᠨᠢᠭᠡ ᠠᠵᠢᠯ ᠶᠠᠪᠤᠳᠠᠯ︾ ᠢ ᠳᠠᠶᠢᠴᠢᠯᠠᠬᠤ︶ | ᠢ ᠰᠢᠨ᠎ᠡ ᠶᠢ ᠡᠭᠦᠳᠬᠦ ᠶᠢ ᠥᠷᠭᠡᠨ ᠢᠶᠠᠷ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠭᠤᠣᠯᠳᠠᠯᠭ᠎ᠠ ᠲᠠᠢ | ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠰᠦᠯᠵᠢᠶᠡᠨ ᠳᠡᠭᠡᠷᠡᠬᠢ | ᠪᠠ ᠰᠦᠯᠵᠢᠶᠡᠨ ᠠᠴᠠ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ | 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮᠯᠡᠬᠦ ᠬᠠᠯᠠᠮᠰᠢᠯ ᠤᠲᠠᠰᠤ ᠶᠢ ᠰᠠᠭᠠᠳ ᠦᠭᠡᠢ ᠪᠥᠭᠡᠳ ᠥᠨᠳᠥᠷ | ᠪᠦᠲᠦᠮᠵᠢᠲᠡᠶ ᠪᠠᠷ ᠨᠠᠪᠲᠠᠷᠡᠭᠦᠯᠵᠦ᠂ ᠡᠷᠴᠢᠮᠵᠢᠭᠦᠯᠦᠨ ᠠᠵᠢᠯ ᠶᠠᠪᠤᠳᠠᠯ ᠭᠦᠢᠴᠡᠳᠬᠡᠬᠦ᠂ ᠣᠶᠤᠨᠲᠤ ᠦᠢᠯᠡᠴᠢᠯᠡᠭᠡᠨ ᠤ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠭᠠᠨ᠎ᠠ᠃ 2027 ᠣᠨ ᠪᠣᠯᠬᠤ ᠳᠤ᠂ ᠨᠡᠶᠢᠳᠡᠮ ᠬᠦᠷᠲᠡᠬᠦ᠋ᠢᠴᠡ᠂ ᠣᠶᠤᠨᠲᠤ ᠳᠥᠭᠦᠮ᠂ ᠡᠷᠬᠡ ᠲᠡᠭᠰᠢ ᠨᠡᠶᠢᠳᠡᠮ ᠳᠤ | ᠠᠰᠢᠭᠲᠠᠢ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠣᠶ ᠪᠣᠯᠭᠠᠵᠤ᠂ ︽ | ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠡᠬᠢᠯᠡᠭᠦᠯᠵᠦ᠂ ᠠᠵᠤ ᠠᠬᠤᠶᠢᠯᠠᠯ ᠪᠠ | ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠠᠨᠤᠮᠵᠢ ᠪᠠ ᠬᠦᠷᠲᠡᠮᠵᠢ ᠶᠢᠨ ᠲᠥᠷᠥᠭᠳᠡᠯ ᠢ ᠨᠢ ᠶᠡᠭᠡ ᠪᠠᠷ ᠳᠡᠭᠡᠭᠰᠢᠯᠡᠭᠦᠯᠦᠨ᠎ᠡ᠃ | ︵ᠬᠤᠶᠠᠷ︶ ᠭᠤᠣᠯ ᠡᠭᠦᠷᠭᠡ᠃ 3 ᠲᠠᠯ᠎ᠠ ᠶᠢᠨ 11 ᠵᠤᠷᠪᠤᠰ ᠪᠣᠳᠠᠲᠠᠢ ᠡᠭᠦᠷᠭᠡ ᠶᠢ ᠳᠤᠷᠠᠳᠪᠠ᠄ ᠨᠢᠭᠡ ᠳᠤ᠂ ᠬᠤᠯᠪᠣᠭᠳᠠᠬᠤ ᠵᠦᠢᠯᠡᠰ ᠢ | ᠲᠥᠪᠯᠡᠷᠡᠭᠦᠯᠦᠨ ᠭᠦᠢᠴᠡᠳᠬᠡᠬᠦ ᠶᠢ ᠬᠦᠴᠦᠲᠡᠢ ᠠᠬᠢᠭᠤᠯᠤᠨ᠎ᠠ᠃ ︽ᠨᠢᠭᠡ ᠠᠵᠢᠯ ᠶᠠᠪᠤᠳᠠᠯ︾ ᠤᠨ ᠥᠭᠡᠷᠡᠴᠢᠯᠡᠯᠲᠡ ᠶᠢ ᠳᠡᠰ ᠳᠡᠪᠰᠢᠭᠦᠯᠵᠦ᠂ ︽ᠨᠢᠭᠡ | ᠠᠵᠢᠯ ᠶᠠᠪᠤᠳᠠᠯ︾ ᠤᠨ ᠬᠡᠪᠴᠢᠶ᠎ᠡ ᠶᠢ ᠥᠷᠭᠡᠳᠬᠡᠵᠦ᠂ ︽ᠨᠢᠭᠡ ᠠᠵᠢᠯ ᠶᠠᠪᠤᠳᠠᠯ︾ ᠢ ᠭᠦᠢᠴᠡᠳᠬᠡᠬᠦ ᠶᠢ ᠥᠨᠳᠥᠷ ᠪᠦᠲᠦᠮᠵᠢᠲᠡᠶ ᠪᠠᠷ ᠠᠬᠢᠭᠤᠯᠵᠤ᠂ | ᠬᠤᠯᠪᠣᠭᠳᠠᠯ ᠢᠶᠠᠷ ᠴᠢᠩᠭ᠎ᠠ᠂ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠪᠠᠷ ᠶᠡᠭᠡ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ ᠢᠶᠠᠷ ᠴᠢᠩᠭ᠎ᠠ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠨᠡᠩ ᠣᠯᠠᠨ ᠵᠦᠢᠯᠡᠰ ᠢ ᠲᠥᠪᠯᠡᠷᠡᠭᠦᠯᠦᠨ | ᠭᠦᠢᠴᠡᠳᠬᠡᠬᠦ ᠶᠢ ᠵᠢᠯ ᠳᠠᠷᠠᠭᠠᠯᠠᠨ ᠪᠦᠯᠦᠭ ᠬᠤᠪᠢᠶᠠᠨ ᠠᠬᠢᠭᠤᠯᠤᠨ᠎ᠠ᠃ ᠬᠤᠶᠠᠷ ᠲᠤ᠂ ᠴᠢᠳᠠᠮᠵᠢ ᠶᠢ ᠳᠡᠭᠡᠭᠰᠢᠯᠡᠭᠦᠯᠬᠦ ᠰᠢᠪᠲᠤᠯᠤᠯᠲᠠ ᠶᠢ ᠭᠦᠨᠵᠡᠭᠡᠢ | ᠥᠷᠨᠢᠭᠦᠯᠦᠨ᠎ᠡ᠃ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠶᠢᠨ ᠶᠠᠰᠤ ᠴᠢᠨᠠᠷ ᠦᠷ᠎ᠡ ᠪᠦᠲᠦᠮᠵᠢ ᠶᠢᠨ ᠰᠢᠪᠲᠤᠯᠤᠯᠲᠠ ᠶᠢ ᠳᠡᠭᠡᠭᠰᠢᠯᠡᠭᠦᠯᠵᠦ᠂ | ᠳᠥᠭᠦᠮ ᠳᠥᠲᠡ᠂ ᠥᠨᠳᠥᠷ ᠪᠦᠲᠦᠮᠵᠢᠲᠡᠢ᠂ ᠵᠢᠷᠤᠮᠵᠢᠯ ᠲᠠᠢ᠂ ᠣᠶᠤᠨᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠢ ᠦᠢᠯᠡᠴᠢᠯᠡᠭᠡ︾ | ᠶᠢ ᠪᠣᠶ ᠪᠣᠯᠭᠠᠨ᠎ᠠ᠃ ᠲᠠᠪᠴᠠᠩ ᠤᠨ ᠲᠤᠰᠠᠯᠠᠬᠤ ᠴᠢᠳᠠᠮᠵᠢ ᠶᠢᠨ ᠰᠢᠪᠲᠤᠯᠤᠯᠲᠠ ᠶᠢ ᠴᠢᠩᠭᠠᠳᠬᠠᠵᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠥᠬᠦ ᠣᠷᠣᠨ ᠤ ᠨᠢᠭᠡᠳᠦᠯᠲᠡᠢ ᠲᠤᠬᠠᠶᠢᠯᠠᠭᠰᠠᠨ | ᠠᠵᠢᠯ ᠤᠨ ᠲᠤᠰᠠᠯᠠᠮᠵᠢ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ ᠳ᠋ᠢᠭᠢᠲ᠋ᠠᠯ ᠮᠡᠷᠭᠡᠵᠢᠯ ᠢᠶᠠᠷ ᠡᠷᠴᠢᠮᠯᠡᠬᠦ ᠰᠢᠪᠲᠤᠯᠤᠯᠲᠠ ᠶᠢ ᠴᠢᠩᠭᠠᠳᠬᠠᠵᠤ᠂ | ᠳ᠋ᠠᠶᠢᠲ᠋ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠢ ᠠᠰᠢᠭᠯᠠᠯᠲᠠ ᠶᠢ ᠠᠬᠢᠭᠤᠯᠤᠨ᠎ᠠ᠃ ᠠᠵᠢᠯ ᠶᠠᠪᠤᠳᠠᠯ ᠭᠦᠢᠴᠡᠳᠬᠡᠬᠦ | ᠦᠢᠯᠡᠴᠢᠯᠡᠭᠡᠨ ᠤ ᠪᠡᠶᠡᠴᠢᠯᠡᠨ ᠥᠩᠭᠡᠷᠡᠭᠦᠯᠬᠦ ᠶᠢᠨ ᠰᠢᠪᠲᠤᠯᠤᠯᠲᠠ ᠶᠢ ᠰᠢᠯᠢᠳᠡᠭᠵᠢᠭᠦᠯᠵᠦ᠂ ᠳᠤᠲᠠᠭᠳᠠᠵᠤ ᠪᠠᠶᠢᠭ᠎ᠠ ᠵᠦᠢᠯᠡᠰ ᠢ ᠠᠮᠠᠯᠠᠨ ᠭᠦᠢᠴᠡᠳᠬᠡᠬᠦ᠂ | ᠣᠨᠳᠣᠣ ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠬᠤ ᠦᠭᠡᠢ ᠪᠠᠷ | ᠭᠦᠢᠴᠡᠳᠬᠡᠬᠦ ᠶᠢ ᠠᠬᠢᠭᠤᠯᠤᠨ᠎ᠠ᠃ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠰᠢᠪᠲᠤᠯᠤᠯᠲᠠ ᠶᠢ ᠠᠬᠢᠭᠤᠯᠵᠤ᠂ | ᠬᠠᠪᠰᠤᠷᠤᠨ ᠬᠢᠵᠦ ᠣᠷᠣᠯᠠᠨ ᠭᠦᠢᠴᠡᠳᠬᠡᠬᠦ ᠴᠢᠳᠠᠮᠵᠢ ᠶᠢ ᠳᠡᠭᠡᠭᠰᠢᠯᠡᠭᠦᠯᠬᠦ᠂ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ᠂ | ᠦᠷᠳᠡᠭ ᠨᠡᠮᠡᠭᠳᠡᠯ ᠤᠨ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠨᠦᠭᠦᠳ ᠢ ᠨᠠᠷᠢᠯᠢᠭᠵᠢᠭᠤᠯᠤᠨ ᠳᠤᠷᠠᠳᠪᠠ᠃ ᠭᠤᠷᠪᠠ ᠳᠤ | ᠂ ᠳᠦᠷᠢᠮ ᠤᠨ ᠪᠠᠷᠢᠮᠵᠢᠶ᠎ᠠ ᠶᠢᠨ ᠵᠢᠷᠤᠮᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠨᠢᠭᠡᠳᠦᠯᠲᠡᠢ ᠪᠠᠷᠢᠮᠵᠢᠶ᠎ᠠ ᠶᠢ ᠪᠠᠶᠢᠭᠤᠯᠵᠤ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠣᠷᠣᠨ ᠤ | ᠬᠡᠪᠴᠢᠶᠡᠨ ᠳᠤ ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠨᠢᠭᠡ ᠯᠡ ᠡᠭᠦᠳᠡ ᠪᠠᠷ ᠣᠷᠣᠬᠤ︾ ᠶᠢ ᠭᠦᠨᠵᠡᠭᠡᠢ ᠠᠬᠢᠭᠤᠯᠵᠤ᠂ ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠬᠦ ᠪᠠ ᠨᠢᠭᠡ ᠯᠡ | ᠥᠷᠲᠡᠭᠡ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠨ ᠤ ᠠᠵᠢᠯᠲᠠᠨ ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ ᠤᠨ ᠬᠠᠩᠭᠠᠯᠭ᠎ᠠ ᠶᠢ ᠴᠢᠩᠭᠠᠳᠬᠠᠨ᠎ᠠ᠃ | ︵ᠭᠤᠷᠪᠠ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠨᠠᠷᠢᠨ ᠨᠢᠮᠪᠠᠢ | ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃ | ᠭᠤᠷᠪᠠ᠂ ᠨᠠᠷᠢᠨ ᠳᠠᠩᠰᠠ ᠶᠢ ᠨᠡᠶᠢᠲᠡᠯᠡᠭᠰᠡᠨ ᠨᠢ | ︽ᠬᠡᠷᠡᠭᠵᠢᠭᠦᠯᠬᠦ ᠰᠠᠨᠠᠯ︾ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠢᠳᠡ ︽2024 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ ᠭᠤᠣᠯᠳᠠᠯᠭ᠎ᠠ ᠲᠠᠢ | ᠵᠦᠢᠯᠡᠰ ᠤᠨ ᠨᠠᠷᠢᠨ ᠳᠠᠩᠰᠠ︾ ᠶᠢ ᠢᠵᠢ ᠪᠦᠷᠢᠳᠦᠭᠦᠯᠦᠨ ᠲᠣᠭᠲᠠᠭᠠᠵᠤ ᠨᠡᠶᠢᠲᠡᠯᠡᠪᠡ᠂ ᠡᠭᠦᠨ ᠳᠤ᠂ ︽ᠨᠢᠭᠡ ᠠᠵᠢᠯ ᠶᠠᠪᠤᠳᠠᠯ︾ ᠤᠨ ᠨᠠᠷᠢᠨ ᠳᠠᠩᠰᠠ︾ | ᠨᠢ 5 ᠵᠦᠢᠯ ᠪᠣᠶ᠂ ᠡᠭᠦᠨ ᠳᠤ ︽ᠬᠤᠭᠤᠯᠠ ᠤᠮᠳᠠ ᠶᠢᠨ ᠳᠡᠯᠭᠡᠭᠦᠷ︾ ᠡᠷᠭᠢᠯᠡᠬᠦ᠂ ᠠᠵᠤ ᠠᠬᠤᠶᠢᠯᠠᠯ ᠤᠨ ᠳᠠᠩᠰᠠᠯᠠᠯᠲᠠ ᠶᠢ ᠬᠠᠰᠤᠬᠤ᠂ ᠰᠠᠶ᠋ᠢ | ᠲᠥᠷᠥᠭᠰᠡᠨ ᠬᠡᠦᠬᠡᠳ᠂ ᠵᠡᠮᠳᠡᠭᠴᠦᠳ ᠲᠤ ᠦᠢᠯᠡᠴᠢᠯᠡᠬᠦ᠂ ᠠᠵᠢᠯ ᠠᠴᠠ ᠪᠠᠨ ᠠᠮᠠᠷᠠᠬᠤ ᠵᠡᠷᠭᠡ ︽ᠨᠢᠭᠡ ᠠᠵᠢᠯ ᠶᠠᠪᠤᠳᠠᠯ︾ ᠤᠨ ᠨᠠᠷᠢᠨ ᠳᠠᠩᠰᠠ ᠶᠢ | ᠪᠠᠭᠲᠠᠭᠠᠨ᠎ᠠ︔ ᠰᠢᠨ᠎ᠡ ᠪᠠᠷ ᠨᠡᠮᠡᠭᠰᠡᠨ ᠪᠦᠲᠦᠭᠡᠨ ᠪᠠᠶᠢᠭᠤᠯᠤᠯᠲᠠ ᠶᠢᠨ ︽ᠨᠢᠭᠡ ᠠᠵᠢᠯ ᠶᠠᠪᠤᠳᠠᠯ︾ ᠤᠨ ᠨᠠᠷᠢᠨ ᠳᠠᠩᠰᠠ ᠨᠢ 8 ᠵᠦᠢᠯ ᠪᠣᠯᠣᠨ᠎ᠠ᠂ | ᠡᠭᠦᠨ ᠳᠤ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠲᠡᠭᠡᠭᠡᠪᠦᠷᠢ ᠶᠢᠨ ᠠᠵᠤ ᠠᠬᠤᠶᠢᠯᠠᠯ ᠨᠡᠭᠡᠭᠡᠨ ᠡᠷᠭᠢᠯᠡᠬᠦ᠂ ᠤᠰᠤ ᠴᠠᠬᠢᠯᠭᠠᠨ ᠬᠡᠢ | ᠳᠤᠯᠠᠭᠠᠯᠭ᠎ᠠ ᠰᠦᠯᠵᠢᠶ᠎ᠡ ᠶᠢ ᠬᠠᠮᠲᠤᠷᠠᠨ ᠮᠡᠳᠡᠭᠦᠯᠦᠨ ᠤᠭᠰᠠᠷᠠᠬᠤ᠂ ᠢᠲᠡᠭᠡᠮᠵᠢ ᠶᠢ ᠰᠡᠷᠭᠦᠭᠡᠬᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ | ᠭᠠᠷᠬᠤ ᠶᠢᠨ ᠬᠠᠤᠯᠢ ᠲᠣᠭᠲᠠᠭᠠᠯ ᠳᠤ ᠨᠡᠶᠢᠴᠡᠬᠦ ᠲᠤᠬᠠᠢ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠠᠵᠤ ᠠᠬᠤᠶᠢᠯᠠᠯ ᠤᠨ ᠳᠠᠮᠫᠤᠷᠠᠯ ᠤᠨ ᠮᠡᠳᠡᠭᠡ | ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ | ᠠᠷᠠᠳ ᠤᠨ ᠦᠢᠯᠡᠴᠢᠯᠡᠭᠡ ᠵᠡᠷᠭᠡ ᠪᠠᠭᠲᠠᠨ᠎ᠠ︔ ᠢᠨᠵᠧᠨᠧᠷᠢᠩ ᠤᠨ ᠬᠦᠷᠢᠶᠡᠨ ᠳᠠᠬᠢ ︽ᠨᠢᠭᠡ ᠠᠵᠢᠯ ᠶᠠᠪᠤᠳᠠᠯ︾ ᠤᠨ ᠨᠠᠷᠢᠨ ᠲᠠᠩᠰᠠ ᠨᠢ 3 ᠵᠦᠢᠯ | ᠪᠠᠶᠢᠵᠤ᠂ ᠡᠭᠦᠨ ᠳᠤ ᠡᠨᠧᠷᠭᠢ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠪᠠᠭᠲᠠᠨ᠎ᠠ᠃ ︽ᠨᠢᠭᠡ ᠠᠵᠢᠯ ᠶᠠᠪᠤᠳᠠᠯ︾ ᠨᠢᠭᠡᠪᠦᠷᠢ ᠶᠢᠨ ᠲᠦᠷᠦᠭᠦᠯᠡᠬᠦ | ᠰᠠᠯᠠᠭ᠎ᠠ ᠮᠥᠴᠢᠷ ᠪᠠ ᠬᠠᠷᠢᠭᠤᠴᠠᠬᠤ ᠰᠠᠯᠠᠭ᠎ᠠ ᠮᠥᠴᠢᠷ ᠢ ᠤᠯᠠᠮ ᠲᠣᠳᠣᠷᠬᠠᠶᠢᠯᠠᠪᠠ᠃ | |