ᠤᠷᠠᠳ ᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠄ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢ ᠴᠢᠩᠭᠠᠳᠬᠠᠵᠤ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/5/16
    ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ 2024 ᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ︵ᠰᠢᠶᠠᠨ ᠹᠧᠩ ᠪᠠᠯᠭᠠᠰᠤ ᠵᠡᠷᠭᠡ 15 ᠲᠥᠷᠥᠯ ᠵᠦᠢᠯ ᠤᠨ ᠢᠨᠵᠧᠨᠧᠷᠢᠩ︶ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠪᠠᠷᠢᠯᠭ᠎ᠠ ᠶᠢᠨ ᠠᠵᠢᠯᠲᠠᠳ ᠶᠠᠭ ᠪᠠᠷᠢᠯᠭ᠎ᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠤ ︽ᠤᠰᠤ ᠶᠢ ᠲᠣᠭᠲᠠᠪᠤᠷᠢᠵᠢᠭᠤᠯᠤᠨ᠂ ᠴᠡᠪᠡᠷ ᠤᠰᠤ᠂ ᠰᠠᠨᠠᠭ᠎ᠠ ᠠᠮᠤᠷ ᠤᠰᠤ︾ ᠶᠢ ᠰᠠᠶᠢᠲᠤᠷ ᠤᠤᠭᠤᠬᠤ ᠶᠢ ᠦᠨᠡᠨ ᠬᠦ ᠪᠠᠲᠤᠯᠠᠵᠤ ᠪᠠᠶᠢᠨ᠎ᠠ᠃ ᠲᠤᠰ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ 1023.85 ᠲᠦᠮᠡᠨ ᠲᠥᠭᠦᠷᠢᠭ ᠲᠤ ᠬᠦᠷᠴᠦ᠂ ᠭᠤᠣᠯᠳᠠᠭᠤ ᠰᠢᠶᠠᠨ ᠹᠧᠩ ᠪᠠᠯᠭᠠᠰᠤ᠂  ᠮᠤᠨᠠ ᠠᠭᠤᠯᠠ ᠪᠠᠯᠭᠠᠰᠤ᠂ ᠶᠡᠭᠡ ᠰᠢᠭᠡᠲᠡᠢ ᠪᠠᠯᠭᠠᠰᠤ᠂ ᠶᠡᠭᠡ ᠰᠢᠭᠡᠲᠡᠢ ᠮᠠᠯᠵᠢᠯ ᠤᠨ ᠲᠠᠯᠠᠪᠠᠢ᠂ ᠮᠢᠩᠭᠠᠨ ᠪᠠᠯᠭᠠᠰᠤ ᠵᠢᠴᠢ ᠪᠠᠷᠠᠭᠤᠨ ᠪᠠᠭ᠎ᠠ ᠵᠤᠤ ᠪᠠᠯᠭᠠᠰᠤ ᠵᠡᠷᠭᠡ ᠭᠠᠵᠠᠷ ᠤᠨ ᠬᠢᠯᠢ ᠳᠣᠲᠣᠷᠠᠬᠢ 2 ᠲᠥᠪᠯᠡᠷᠡᠭᠦᠯᠦᠨ ᠤᠰᠤ ᠬᠠᠩᠭᠠᠬᠤ ᠦᠢᠯᠡᠳᠪᠦᠷᠢ᠂ 1 ᠮᠠᠯᠵᠢᠯ ᠤᠨ ᠲᠠᠯᠠᠪᠠᠢ ᠶᠢᠨ 3 ᠬᠤᠪᠢᠶᠠᠷᠢ ᠲᠠᠯᠠᠪᠠᠢ ᠪᠠ 13 ᠲᠣᠰᠬᠤᠨ ᠤ 15 ᠳᠤᠭᠤᠶᠢᠯᠠᠩ ᠤᠨ ᠤᠰᠤ ᠳᠠᠮᠵᠢᠭᠤᠯᠬᠤ ᠬᠤᠭᠤᠯᠠᠢ ᠳᠤ ᠬᠤᠭᠤᠯᠠᠢ ᠲᠣᠣᠷ ᠤᠨ ᠥᠭᠡᠷᠡᠴᠢᠯᠡᠯᠲᠡ ᠬᠢᠵᠦ ᠂ ᠬᠡᠰᠡᠭ ᠤᠰᠤ ᠬᠠᠩᠭᠠᠬᠤ ᠪᠠᠷᠢᠯᠭ᠎ᠠ ᠶᠢᠨ ᠤᠰᠤᠨ ᠰᠤᠷᠪᠤᠯᠵᠢ ᠶᠢᠨ ᠬᠤᠳᠳᠤᠭ ᠵᠢᠴᠢ ᠥᠨᠳᠥᠷ ᠪᠠᠶᠢᠷᠢᠰᠢᠯ ᠤᠨ ᠴᠥᠭᠦᠷᠥᠮ ᠢ ᠰᠢᠨᠡᠳᠬᠡᠪᠡ᠃ ᠪᠠᠷᠢᠯᠭ᠎ᠠ ᠶᠢ 4 ᠰᠠᠷ᠎ᠠ ᠶᠢᠨ 6 ᠤ ᠡᠳᠦᠷ ᠡᠬᠢᠯᠡᠭᠦᠯᠵᠦ᠂ ᠵᠢᠱᠢᠯᠲᠡ ᠪᠠᠷ 2024 ᠣᠨ ᠤ 10 ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠃    ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠲᠥᠷᠥᠯ ᠵᠦᠢᠯ ᠤᠨ ᠣᠷᠣᠨ ᠤ ᠤᠰᠤ ᠬᠠᠩᠭᠠᠬᠤ ᠤᠰᠤᠨ ᠤ ᠡᠬᠢ ᠰᠤᠷᠪᠤᠯᠵᠢ ᠬᠦᠷᠦᠯᠴᠡᠬᠦ ᠥᠬᠡᠶ᠂ ᠤᠰᠤ ᠬᠠᠩᠭᠠᠬᠤ ᠬᠤᠭᠤᠯᠠᠶ ᠬᠠᠭᠤᠴᠢᠷᠠᠬᠤ ᠪᠠ ᠢᠵᠢ ᠪᠥᠷᠢᠳᠦᠭᠰᠡᠨ ᠲᠥᠬᠦᠭᠡᠷᠦᠮᠵᠢ ᠡᠪᠳᠡᠷᠡᠵᠦ  ᠰᠦᠢᠳᠦᠭᠰᠡᠨ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ 4541 ᠡᠷᠦᠬᠡ ᠶᠢᠨ 10535 ᠬᠥᠮᠦᠨ ᠤ ᠤᠤᠭᠤᠬᠤ ᠤᠰᠤᠨ ᠤ ᠨᠥᠬᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠲᠦᠮᠡᠨ ᠨᠠᠩ ᠴᠢᠨᠠᠷ ᠰᠠᠶᠢᠲᠠᠶ᠂ ᠲᠣᠭᠲᠠᠭᠤᠨ ᠲᠦᠭᠡᠭᠡᠯ ᠤᠰᠤ ᠬᠡᠷᠡᠭᠯᠡᠵᠦ᠂ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ