ᠪᠠᠭ᠎ᠠ ᠰᠢᠭᠡᠲᠡᠢ ᠪᠠᠯᠭᠠᠰᠤ ᠥᠨᠳᠥᠷ ᠪᠦᠲᠦᠮᠵᠢᠲᠡᠢ ᠤᠰᠤ ᠠᠷᠪᠢᠯᠠᠬᠤ ᠲᠠᠷᠢᠶᠠᠯᠠᠩ ᠢ ᠬᠥᠭᠵᠢᠭᠦᠯᠵᠦ ᠦᠷ᠎ᠡ ᠠᠰᠢᠭ ᠢ ᠨᠡᠮᠡᠭᠳᠡᠭᠦᠯᠵᠦ  ᠪᠠᠶᠢᠨ᠎ᠠ
ᠨᠡᠶᠢᠲᠡᠯᠡᠭᠰᠡᠨ ᠴᠠᠭ᠄
2024/5/17
    ᠣᠶᠢᠷ᠎ᠠ ᠳᠤ᠂ ᠰᠣᠷᠪᠣᠯᠵᠢᠯᠠᠭᠴᠢ ᠶᠢ ᠪᠠᠭ᠎ᠠ ᠰᠢᠭᠡᠲᠡᠢ ᠪᠠᠯᠭᠠᠰᠤᠨ ᠤ ᠶᠡᠭᠡ ᠠᠷᠪᠠᠳᠤᠭᠠᠷ ᠲᠣᠰᠬᠤᠨ ᠤ ᠠᠷᠪᠠᠨ ᠳᠥᠷᠪᠡᠳᠦᠭᠡᠷ ᠳᠤᠭᠤᠶᠢᠯᠠᠩ ᠳᠤ ᠬᠦᠷᠬᠦ ᠳᠤ᠂ ᠲᠣᠰᠬᠤᠨ ᠤ ᠠᠷᠠᠳ ᠶᠠᠭ ᠨᠠᠷᠢᠮᠤ ᠳᠠᠷᠢᠵᠤ ᠪᠠᠶᠢᠪᠠ᠃ ᠠᠷᠪᠠᠨ ᠳᠥᠷᠪᠡᠳᠦᠭᠡᠷ ᠳᠤᠭᠤᠶᠢᠯᠠᠩ ᠡᠨᠡ ᠵᠢᠯ 3000 ᠭᠠᠷᠤᠶ ᠮᠥ ᠨᠠᠷᠢᠮᠤ ᠲᠠᠷᠢᠬᠤ ᠪᠠᠷ ᠪᠣᠢ᠂  ᠨᠠᠷᠢᠮᠤ ᠶᠢ ᠲᠠᠷᠢᠬᠤ ᠳᠤ ᠵᠢᠯ ᠳᠤ ᠵᠥᠪᠬᠡᠨ 3 — 4 ᠤᠰᠤᠯᠠᠵᠤ᠂ ᠮᠥ ᠪᠦᠷᠢ ᠶᠢᠨ ᠤᠰᠤ ᠬᠡᠷᠡᠭᠯᠡᠬᠦ ᠬᠡᠮᠵᠢᠶ᠎ᠡ ᠨᠢ 106 ᠪᠣᠰᠤᠭ᠎ᠠ ᠳᠥᠷᠪᠡᠯᠵᠢᠨ ᠮᠧᠲᠷ ᠠᠴᠠ ᠳᠤᠤᠷ᠎ᠠ ᠥᠬᠡᠶ ᠪᠠᠶᠢᠵᠤ᠂ ᠡᠷᠳᠡᠨᠢ ᠰᠢᠰᠢ ᠠᠴᠠ ᠤᠰᠤ ᠠᠷᠪᠢᠯᠠᠵᠤ᠂ ᠣᠷᠣᠯᠭ᠎ᠠ ᠨᠢ ᠡᠷᠳᠡᠨᠢ ᠰᠢᠰᠢ ᠠᠴᠠ ᠪᠠᠷᠤᠭ 400 ᠲᠥᠭᠦᠷᠢᠭ ᠥᠨᠳᠥᠷ ᠪᠠᠶᠢᠵᠤ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ ᠶᠢᠨ ᠬᠠᠮᠲᠤ ᠲᠠᠷᠢᠶᠠᠴᠢᠨ ᠡᠷᠦᠬᠡ ᠶᠢᠨ ᠠᠰᠢᠭ ᠣᠷᠣᠯᠭ᠎ᠠ ᠶᠢ ᠪᠦᠲᠦᠮᠵᠢᠲᠡᠶ  ᠳᠡᠭᠡᠭᠰᠢᠯᠡᠬᠦᠯᠬᠦ ᠪᠣᠯᠣᠨ᠎ᠠ᠃    ᠡᠨᠡ ᠵᠢᠯ ᠠᠴᠠ ᠨᠠᠰᠢ᠂ ᠪᠠᠭ᠎ᠠ ᠰᠢᠭᠡᠲᠡᠢ ᠪᠠᠯᠭᠠᠰᠤ ᠤᠰᠤ ᠠᠷᠪᠢᠯᠠᠬᠤ ᠤᠰᠤ ᠬᠢᠵᠠᠭᠠᠷᠯᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠤᠨ ᠲᠠᠷᠢᠮᠠᠯ ᠤᠨ ᠪᠦᠲᠦᠴᠡ ᠳᠤ ᠢᠳᠡᠪᠬᠢᠲᠡᠶ ᠲᠣᠬᠢᠷᠠᠭᠤᠯᠤᠯᠲᠠ ᠬᠢᠵᠦ᠂ ᠤᠰᠤ ᠶᠡᠭᠡ ᠬᠤᠷᠣᠭᠳᠠᠭᠤᠯᠬᠤ ᠲᠠᠷᠢᠮᠠᠯ ᠳᠠᠷᠢᠬᠤ ᠶᠢ ᠪᠠᠭᠠᠰᠬᠠᠨ᠂ ᠥᠨᠳᠥᠷ ᠪᠦᠲᠦᠮᠵᠢᠲᠡᠶ ᠲᠠᠷᠢᠶᠠᠯᠠᠩ ᠤᠨ ᠤᠰᠤ ᠠᠷᠪᠢᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠲᠠᠷᠢᠶᠠᠨ ᠭᠠᠵᠠᠷ ᠤᠨ ᠤᠰᠤ ᠠᠷᠪᠢᠯᠠᠬᠤ ᠠᠵᠢᠯ ᠢ ᠰᠠᠶᠢᠲᠤᠷ ᠬᠢᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠵᠠᠮ ᠢ ᠨᠡᠭᠡᠭᠡᠭᠰᠡᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ