| ᠦᠨᠳᠦᠰᠦᠲᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ | 1᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠰᠢᠶᠠᠭᠰᠠᠨ ︽ᠲᠠᠪᠤᠨ ᠶᠡᠭᠡ ᠡᠭᠦᠷᠭᠡ︾ ᠭᠡᠳᠡᠭ ᠨᠢ ᠶᠠᠭᠤ ᠪᠤᠢ︖ | ᠥᠪᠥᠷ ᠮᠣᠩᠭᠤᠯ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ᠂ ᠮᠠᠨ ᠤ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠤᠨ᠎ᠠ᠃ | 2. ᠦᠨᠳᠦᠰᠦᠲᠡᠨ ᠤ ᠠᠵᠢᠯ ᠤᠨ ︽ᠬᠤᠶᠠᠷ ᠢ ᠣᠷᠣᠭᠤᠯᠬᠤ︾ ᠭᠡᠳᠡᠭ ᠨᠢ ᠪᠤᠢ︖ | ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠬᠤ︔ ᠤᠯᠤᠰ | ᠲᠥᠷᠥ ᠶᠢᠨ ᠬᠢᠨᠠᠨ ᠪᠠᠶᠢᠴᠠᠭᠠᠯᠲᠠ᠂ ᠲᠣᠭᠤᠷᠢᠨ ᠪᠠᠶᠢᠴᠠᠭᠠᠯᠲᠠ᠂ ᠵᠠᠰᠠᠭ ᠤᠨ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠳᠤ ᠣᠷᠣᠭᠤᠯᠬᠤ᠃ | 3. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠪᠤᠢ ᠪᠦᠬᠦᠢ ᠥᠭᠡᠷᠡᠴᠢᠯᠡᠯᠲᠡ | ᠬᠥᠭᠵᠢᠯᠲᠡ ᠳᠤ ᠣᠯᠭᠤᠭᠰᠠᠨ ︽ᠭᠤᠷᠪᠠᠨ ᠠᠴᠢ ᠬᠤᠯᠪᠣᠭᠳᠠᠯ︾ ᠨᠢ ᠶᠠᠭᠤ ᠪᠣᠢ︖ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ︔ ᠨᠢᠭᠡᠳᠦᠯ ᠢ ᠬᠠᠮᠠᠭᠠᠯᠠᠬᠤ᠂ | ᠬᠠᠭᠠᠴᠠᠭᠤᠯᠬᠤ ᠶᠢ ᠡᠰᠡᠷᠭᠦᠴᠡᠬᠦ ᠶᠢᠨ ᠠᠴᠢ ᠬᠤᠯᠪᠣᠭᠳᠠᠯ︔ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ | ᠨᠢᠭᠲᠠᠷᠠᠭᠤᠯᠬᠤ ᠶᠢᠨ ᠠᠴᠢ ᠬᠤᠯᠪᠣᠭᠳᠠᠯ᠃ | 4᠂ ᠦᠨᠲᠦᠰᠦᠲᠡᠨ ᠤ ᠭᠠᠵᠠᠷ ᠤᠷᠤᠨ ᠤ ᠰᠠᠶᠢᠨ ᠺᠠᠳ᠋ᠷ ᠤᠨ ︽ᠳᠦᠷᠪᠡᠨ ᠤᠨᠴᠠᠭᠠᠢ︾ ᠪᠠᠷᠢᠮᠵᠢᠶ᠎ᠠ ᠨᠢ︖ | ᠨᠠᠮ ᠤᠨ ᠨᠢᠭᠡᠳᠦᠯᠲᠡᠢ ᠤᠳᠤᠷᠢᠳᠬᠤ ᠣᠪᠣᠷ ᠢ ᠬᠠᠮᠠᠭᠠᠯᠠᠬᠤ ᠨᠢ ᠣᠨᠴᠠᠭᠠᠢ ᠡᠷᠡᠰ ᠰᠢᠭᠤᠷᠬᠠᠢ︔ ᠶᠡᠭᠡ ᠵᠥᠪ ᠪᠤᠷᠤᠭᠤ ᠶᠢ ᠢᠯᠭᠠᠨ ᠲᠠᠨᠢᠬᠤ | ᠵᠣᠭᠰᠣᠯᠲᠠ ᠣᠨᠴᠠᠭᠠᠢ ᠰᠡᠷᠭᠡᠭ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯᠯᠠᠭ᠎ᠠ | ᠣᠨᠴᠠᠭᠠᠢ ᠡᠷᠡᠰ ᠪᠠᠲᠤ︔ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠠᠶᠢᠷᠠᠯᠠᠬᠤ ᠬᠠᠶᠢᠷ᠎ᠠ ᠰᠡᠳᠬᠢᠯᠭᠡ ᠣᠨᠴᠠᠭᠠᠢ ᠦᠨᠡᠨᠴᠢ ᠰᠢᠳᠤᠷᠭᠤ᠃ | 5. ᠨᠠᠮ ᠤᠨ ᠪᠠᠶᠢᠭᠤᠯᠤᠯᠲᠠ ᠶᠢ ᠠᠳᠬᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠨᠢ ᠶᠠᠮᠠᠷ ᠶᠠᠮᠠᠷ ᠵᠦᠢᠯ ᠪᠠᠶᠢᠬᠤ ᠪᠤᠢ︖ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠣᠯᠠᠨ ᠲᠦᠮᠡᠨ ᠢ ᠳᠠᠭᠠᠭᠤᠯᠤᠨ ᠪᠠᠶᠠᠵᠢᠭᠤᠯᠬᠤ᠂ | ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠢᠯᠢ ᠬᠢᠵᠠᠭᠠᠷ ᠤᠨ ᠨᠤᠲᠤᠭ ᠳᠡᠪᠢᠰᠬᠡᠷ ᠢ ᠬᠠᠮᠠᠭᠠᠯᠠᠬᠤ᠂ ᠬᠠᠭᠠᠴᠠᠭᠤᠯᠬᠤ ᠶᠢ ᠡᠰᠡᠷᠭᠦᠴᠡᠬᠦ | ᠲᠡᠮᠡᠴᠡᠯ ᠥᠷᠨᠢᠭᠦᠯᠬᠦ ᠵᠡᠷᠭᠡ ᠲᠠᠪᠤᠨ ᠲᠠᠯ᠎ᠠ ᠪᠣᠢ᠃ | 6. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ︽ᠭᠤᠷᠪᠠ ᠶᠢ ᠲᠣᠳᠣᠷᠬᠠᠢ ᠲᠠᠶᠢᠯᠪᠤᠷᠢᠯᠠᠬᠤ︾ | ᠬᠡᠳᠡᠭ ᠨᠢ ᠶᠠᠭᠤ ᠶᠢ ᠵᠢᠭᠠᠵᠤ ᠪᠠᠶᠢᠨ᠎ᠠ︖ | 2023 ᠣᠨ ᠤ 10 ᠰᠠᠷ᠎ᠠ ᠶᠢᠨ 27 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠪᠣᠯᠣᠨ ᠨᠡᠶᠢᠭᠡᠮ ᠵᠢᠷᠤᠮ ᠤᠨ ᠪᠠᠶᠢᠭᠤᠯᠤᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠬᠠᠮᠲᠤ ᠶᠢᠨ | ᠬᠥᠭᠵᠢᠯᠲᠡ ᠳᠠᠪᠰᠢᠯᠲᠠ ᠶᠢᠨ ᠨᠠᠶᠢᠳᠠᠪᠤᠷᠢᠲᠠᠢ ᠪᠠᠲᠤᠯᠠᠭ᠎ᠠ ᠮᠥᠨ᠂ ᠳᠤᠮᠳᠠᠳᠤ ᠶᠢᠨ ᠦᠨᠳᠦᠰᠦᠲᠡᠨ ᠪᠣᠯ ᠬᠦᠴᠦᠷᠬᠡᠭ ᠶᠡᠭᠡ ᠮᠡᠳᠡᠷᠡᠮᠵᠢ ᠶᠢᠨ ᠬᠡᠮᠵᠢᠶ᠎ᠡ ᠪᠠ | ᠨᠢᠭᠲᠠᠷᠠᠯ ᠤᠨ ᠬᠦᠴᠦᠨ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ | ᠠᠰᠠᠭᠤᠳᠠᠯ ᠢ ᠰᠢᠢᠳᠪᠦᠷᠢᠯᠡᠬᠦ ᠵᠥᠪ ᠵᠠᠮ ᠳᠤ ᠪᠠᠶᠢᠬᠤ ᠢᠯᠡᠷᠬᠡᠢ ᠳᠠᠪᠠᠭᠤᠯᠢᠭ ᠴᠢᠨᠠᠷ ᠢ ᠲᠣᠳᠣᠷᠬᠠᠢ ᠲᠠᠶᠢᠯᠪᠤᠷᠢᠯᠠᠪᠠ︾᠃ | 7. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ︽ᠲᠦᠷᠪᠡᠨ ᠶᠡᠭᠡ ᠬᠦᠴᠦᠨ ᠢᠶᠠᠷ | ᠤᠬᠠᠭᠤᠯᠬᠤ︾ ᠬᠡᠳᠡᠭ ᠨᠢ ᠶᠠᠭᠤ ᠶᠢ ᠵᠢᠭᠠᠵᠤ ᠪᠠᠶᠢᠨ᠎ᠠ︖ | 2023 ᠣᠨ ᠤ 10 ᠰᠠᠷ᠎ᠠ ᠶᠢᠨ 27 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠤ ︽ᠳᠤᠮᠳᠠᠳᠤ ᠶᠢᠨ ᠦᠨᠳᠦᠰᠦᠲᠡᠨ ᠤ ᠲᠡᠦᠬᠡ ᠶᠢ ᠶᠡᠭᠡ ᠪᠠᠷ ᠤᠬᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠢ ᠶᠡᠭᠡ ᠪᠠᠷ ᠤᠬᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠶᠡᠭᠡ ᠪᠠᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠳᠡᠯᠡᠬᠡᠢ ᠶᠢᠨ ᠡᠯ᠎ᠡ ᠤᠯᠤᠰ ᠤᠨ | ᠠᠷᠠᠳ ᠲᠦᠮᠡᠨ ᠲᠠᠢ ᠭᠠᠷ ᠬᠤᠯᠪᠣᠯᠴᠠᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠠᠶᠢᠨ ᠰᠠᠶᠢᠬᠠᠨ | ᠬᠦᠰᠡᠯ ᠡᠷᠡᠮᠡᠯᠵᠡᠯ ᠢ ᠶᠡᠭᠡ ᠪᠠᠷ ᠤᠬᠠᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃ | 8. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠲᠠᠪᠤᠨ ᠭᠤᠣᠯᠳᠠᠯᠭ᠎ᠠ ᠲᠠᠢ ᠠᠵᠢᠯ︾ | ᠢ ᠬᠦᠴᠦᠯᠡᠨ ᠰᠠᠶᠢᠲᠤᠷ ᠬᠢᠬᠦ ᠶᠢᠨ ᠠᠭᠤᠯᠭ᠎ᠠ ᠪᠣᠯ ᠪᠤᠢ︖ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠤᠨ᠎ᠠ︔ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠤᠨ᠎ᠠ︔ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ︔ ᠦᠨᠳᠦᠰᠦᠲᠡᠨ ᠤ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ︔ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ | ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠨ᠎ᠡ᠃ | 9᠂ ᠣᠳᠣᠬᠢ ᠱᠠᠲᠤᠨ ᠤ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠪᠣᠯ ︖ | ᠮᠠᠨ ᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ | ᠪᠠᠶᠢᠨ᠎ᠠ᠃ | 10 . ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ︽ᠬᠤᠶᠠᠷ ᠵᠠᠶᠢᠯᠠᠰᠢ ᠦᠭᠡᠢ︾ ︽ᠨᠢᠭᠡ | ᠡᠷᠬᠡᠪᠰᠢ︾ ᠭᠡᠳᠡᠭ ᠨᠢ︖ | 2023 ᠣᠨ ᠤ 10 ᠰᠠᠷ᠎ᠠ ᠶᠢᠨ 27 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠤ ︽ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠬᠢᠴᠠ ᠪᠣᠯ ᠵᠠᠶᠢᠯᠠᠰᠢ ᠦᠭᠡᠢ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ | ᠶᠠᠪᠤᠴᠠ ᠮᠥᠨ᠂ ᠵᠠᠶᠢᠯᠠᠰᠢ ᠦᠭᠡᠢ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠠᠪᠤᠴᠠ | ᠮᠥᠨ᠃ ᠡᠷᠬᠡᠪᠰᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠲᠦᠯᠬᠢᠨ ᠠᠬᠢᠭᠤᠯᠬᠤ ᠶᠢ | ᠰᠢᠨ᠎ᠡ ᠠᠶᠠᠯᠠᠯ ᠳᠠᠬᠢ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠣᠯᠭᠠᠬᠤ ᠬᠡᠷᠡᠭᠲᠡᠢ︾ ᠃ | ᠢᠷᠠᠯᠲᠠ᠄ ᠮᠣᠨᠠ ᠠᠭᠤᠯᠠ ᠪᠠᠯᠭᠠᠰᠣᠨ ᠤ ᠨᠠᠮ ᠤᠨ ᠪᠠᠶᠢᠭᠤᠯᠤᠯᠲᠠ | | | | | |