ᠣᠶᠢᠷ᠎ᠠ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ | ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ 0.25 ᠵᠠᠭᠤᠨ ᠤ ᠴᠡᠭ ᠪᠠᠭᠤᠷᠠᠭᠤᠯᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ | ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ | ᠬᠦᠦ ᠮᠥᠩᠭᠦᠨ ᠤ ᠨᠣᠷᠮ᠎ᠠ ᠶᠢ ᠴᠠᠭ ᠲᠤᠬᠠᠢ ᠳᠤ ᠨᠢ ᠲᠣᠬᠢᠷᠠᠭᠤᠯᠵᠤ᠂ ᠦᠯᠡᠳᠡᠭᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ ᠭᠡᠵᠦ | ᠱᠠᠭᠠᠷᠳᠠᠪᠠ᠃ ᠲᠣᠰ ᠤᠳᠠᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ | ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠬᠤ ᠳᠤ ᠬᠡᠷᠬᠢᠨ ᠪᠣᠳᠠᠲᠠᠢ ᠪᠠᠷ ᠬᠡᠷᠡᠭᠵᠢᠭᠦᠯᠬᠦ ᠪᠣᠢ︖ ᠲᠤᠰᠢᠶᠠᠨ ᠬᠠᠳᠠᠭᠠᠯᠠᠭᠤᠯᠤᠭᠴᠢ | ᠲᠡᠭᠦᠨ ᠤ ᠳᠤᠮᠳᠠ ᠠᠴᠠ ᠬᠡᠳᠦᠢ ᠠᠰᠢᠭ ᠭᠥᠷᠳᠡᠬᠦ ᠪᠣᠶ︖ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ | ᠲᠣᠰ ᠤᠳᠠᠭ᠎ᠠ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠲᠣᠬᠢᠷᠠᠭᠤᠯᠬᠤ ᠬᠡᠪᠴᠢᠶᠡᠨ ᠳᠤ ᠰᠢᠨ᠎ᠡ ᠪᠠᠷ ᠲᠠᠯᠪᠢᠭᠰᠠᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠭᠲᠠᠬᠤ ᠪᠥᠭᠡᠳ ᠦᠯᠡᠳᠡᠭᠡᠯ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠴᠦ ᠪᠠᠭᠲᠠᠨ᠎ᠠ᠃ 2024 | ᠣᠨ ᠤ 5 ᠳ᠋ᠤᠭᠠᠷ ᠰᠠᠷ᠎ᠠ ᠶᠢᠨ 18 ᠤ ᠡᠳᠦᠷ ᠠᠴᠠ ᠡᠮᠦᠨ᠎ᠡ ᠲᠠᠯᠪᠢᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠦᠦ ᠨᠣᠷᠮ᠎ᠠ ᠶᠢᠨ ᠰᠢᠨ᠎ᠡ | ᠪᠠᠷᠢᠮᠵᠢᠶ᠎ᠠ ᠶᠢ ᠬᠡᠷᠡᠭᠵᠢᠭᠦᠯᠦᠨ᠎ᠡ᠃ 2024 ᠣᠨ ᠤ 5 ᠳ᠋ᠤᠭᠠᠷ ᠰᠠᠷ᠎ᠠ ᠶᠢᠨ 18 ᠤ ᠡᠳᠦᠷ ︵ᠪᠠᠭᠲᠠᠨ᠎ᠠ︶ ᠠᠴᠠ ᠰᠡᠭᠦᠯᠡᠷ ᠲᠠᠯᠪᠢᠭᠰᠠᠨ ᠬᠤᠪᠢ | ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ ᠲᠣᠬᠢᠷᠠᠭᠤᠯᠤᠭᠰᠠᠨ ᠤ ᠳᠠᠷᠠᠭᠠᠬᠢ ᠬᠦᠦ | ᠮᠥᠩᠭᠦᠨ ᠤ ᠰᠢᠨ᠎ᠡ ᠨᠣᠷᠮ᠎ᠠ ᠶᠢ ᠰᠢᠭᠤᠳ ᠬᠡᠷᠡᠭᠵᠢᠭᠦᠯᠦᠨ᠎ᠡ ᠭᠡᠵᠡᠢ᠃ | ᠣᠶᠢᠯᠠᠭᠠᠭᠰᠠᠨ ᠢᠶᠠᠷ᠂ ᠲᠣᠬᠢᠷᠠᠭᠤᠯᠤᠭᠰᠠᠨ ᠤ ᠳᠠᠷᠠᠭ᠎ᠠ᠂ 5 ᠵᠢᠯ ᠠᠴᠠ ᠳᠣᠷᠣᠭᠰᠢᠬᠢ ︵5 ᠵᠢᠯ ᠪᠠᠭᠲᠠᠨ᠎ᠠ︶ ᠪᠠ 5 ᠵᠢᠯ ᠠᠴᠠ ᠳᠡᠭᠡᠭᠰᠢᠬᠢ | ᠠᠩᠬᠠᠳᠤᠭᠠᠷ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦᠨ ᠤ | ᠨᠣᠷᠮ᠎ᠠ ᠶᠢ ᠲᠣᠰ ᠲᠣᠰ 2.35% ᠪᠠ 2.85% ᠪᠣᠯᠭᠠᠨ ᠲᠣᠬᠢᠷᠠᠭᠤᠯᠵᠤ᠂ 5 ᠵᠢᠯ ᠠᠴᠠ ᠳᠣᠷᠣᠭᠰᠢᠬᠢ ︵5 ᠵᠢᠯ ᠪᠠᠭᠲᠠᠨ᠎ᠠ︶ ᠪᠠ 5 ᠵᠢᠯ ᠠᠴᠠ | ᠳᠡᠭᠡᠭᠰᠢᠬᠢ ᠬᠤᠶᠠᠳᠤᠭᠠᠷ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ | ᠮᠥᠩᠭᠦᠨ ᠤ ᠨᠣᠷᠮ᠎ᠠ ᠶᠢ ᠲᠣᠰ ᠲᠣᠰ 2.775% ᠪᠠ 3.325% ᠠᠴᠠ ᠳᠣᠣᠷ᠎ᠠ ᠦᠭᠡᠢ ᠪᠠᠷ ᠲᠣᠬᠢᠷᠠᠭᠤᠯᠪᠠ᠃ | ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠪᠠᠯ ᠰᠢᠭᠤᠳ ᠠᠰᠢᠭ ᠭᠥᠷᠳᠡᠬᠦ ᠨᠢ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠵᠢᠭᠡᠯᠡᠭᠴᠢᠳ ᠪᠣᠯᠣᠨ᠎ᠠ᠃ 100 ᠲᠦᠮᠡᠨ ᠲᠥᠭᠦᠷᠢᠭ᠂ 30 ᠵᠢᠯ ᠤᠨ ᠬᠤᠭᠤᠴᠠᠭᠠᠲᠤ ᠠᠩᠬᠠᠳᠤᠭᠠᠷ | ᠢᠵᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠷ | ᠵᠢᠱᠢᠶᠡᠯᠡᠪᠡᠯ᠂ ᠲᠡᠩᠴᠡᠭᠦᠦ ᠲᠣᠭᠠᠨ ᠤ ᠡᠬᠡ ᠬᠦᠦ ᠮᠥᠩᠭᠦ ᠪᠠᠷ ᠵᠣᠭᠤᠰ ᠲᠥᠯᠥᠬᠦ ᠠᠷᠭ᠎ᠠ ᠶᠢ ᠰᠣᠩᠭᠤᠪᠠᠯ᠂ ᠰᠠᠷ᠎ᠠ ᠶᠢᠨ ᠬᠠᠩᠭᠠᠯᠭ᠎ᠠ ᠶᠢ 4270.16 | ᠲᠥᠭᠦᠷᠢᠭ ᠪᠠᠶᠢᠭᠰᠠᠨ ᠠᠴᠠ 4135.57 ᠲᠥᠭᠦᠷᠢᠭ ᠪᠣᠯᠭᠠᠨ ᠪᠠᠭᠤᠷᠠᠭᠤᠯᠵᠤ᠂ ᠪᠠᠷᠤᠭ 135 ᠲᠥᠭᠦᠷᠢᠭ ᠬᠠᠰᠤᠭᠳᠠᠵᠤ᠂ ᠶᠡᠷᠦᠩᠬᠡᠢ ᠬᠦᠦ | ᠮᠥᠩᠭᠦᠨ ᠤ ᠵᠠᠷᠤᠯᠭ᠎ᠠ 4.85 ᠲᠦᠮᠡᠨ ᠲᠥᠭᠦᠷᠢᠭ ᠬᠠᠰᠤᠭᠳᠠᠬᠤ ᠪᠣᠯᠣᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠲᠤᠰᠢᠶᠠᠨ | ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ 2012 ᠣᠨ ᠠᠴᠠ ᠨᠠᠭᠠᠰᠢ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠨᠡᠶᠢᠳᠡ 12.9 ᠲᠦᠮᠡᠨ | ᠳ᠋ᠦᠩᠰᠢᠭᠤᠷ ᠲᠥᠭᠦᠷᠢᠭ ᠲᠠᠯᠪᠢᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ 2.7 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2023 | ᠣᠨ ᠳᠤ 7.8 ᠲᠦᠮᠡᠨ ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ 5000 ᠲᠦᠮᠡ ᠰᠢᠬᠠᠮ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ | ᠰᠠᠭᠤᠴᠠ ᠲᠠᠢ ᠪᠠᠶᠢᠬᠤ ᠶᠢ ᠪᠡᠶᠡᠯᠡᠭᠦᠯᠬᠦ ᠶᠢ ᠳᠡᠮᠵᠢᠪᠡ᠂ ᠡᠭᠦᠨ ᠳᠤ 80% ᠠᠴᠠ ᠳᠡᠭᠡᠭᠰᠢᠬᠢ ᠨᠢ ᠠᠩᠬᠠᠳᠤᠭᠠᠷ ᠢᠵᠢ ᠣᠷᠣᠨ ᠰᠠᠭᠤᠴᠠ ᠬᠤᠳᠠᠯᠳᠤᠨ | ᠠᠪᠤᠭᠰᠠᠳ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ | ᠣᠷᠣᠨ ᠰᠠᠭᠤᠴᠠ ᠶᠢᠨ ᠵᠢᠭᠡᠯᠡᠯᠭᠡ ᠵᠢᠯ ᠳᠠᠷᠠᠭᠠᠯᠠᠨ ᠲᠣᠭᠲᠠᠭᠤᠨ ᠢᠶᠠᠷ ᠨᠡᠮᠡᠭᠳᠡᠵᠦ᠂ 2023 ᠣᠨ ᠤ ᠵᠢᠭᠡᠯᠡᠯᠭᠡ ᠶᠢᠨ ᠦᠯᠡᠳᠡᠪᠦᠷᠢ 7% ᠰᠢᠬᠠᠮ ᠢᠶᠠᠷ | ᠨᠡᠮᠡᠭᠳᠡᠵᠦ᠂ ᠰᠢᠨ᠎ᠡ ᠪᠠᠷ ᠲᠠᠯᠪᠢᠭᠰᠠᠨ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 24% ᠪᠠᠷ ᠨᠡᠮᠡᠭᠳᠡᠨ᠂ ᠲᠤᠰᠢᠶᠠᠨ ᠬᠠᠳᠠᠭᠠᠯᠠᠭᠤᠯᠤᠭᠴᠢ ᠶᠢᠨ | ᠣᠷᠣᠨ ᠰᠠᠭᠤᠴᠠ ᠶᠢᠨ ᠬᠡᠷᠡᠭᠯᠡᠭᠡ ᠶᠢ ᠬᠦᠴᠦᠲᠡᠢ ᠳᠡᠮᠵᠢᠭᠰᠡᠨ ᠪᠠᠶᠢᠨ᠎ᠠ᠃ | ︽ᠪᠢᠳᠡ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠠᠮᠢᠶᠠᠷᠤᠯᠲᠠ ᠶᠢᠨ ᠲᠥᠪ ᠢ ᠵᠢᠯᠣᠭᠤᠳᠤᠨ | ᠲᠣᠭᠲᠠᠭᠠᠯ ᠶᠣᠰᠣᠭᠠᠷ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠠᠮᠤᠭ ᠤᠨ ᠲᠡᠷᠢᠭᠦᠨ ᠳᠤ ᠲᠤᠰᠢᠶᠠᠨ | ᠬᠠᠳᠠᠭᠠᠯᠠᠭᠤᠯᠤᠭᠴᠢ ᠳᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠡᠬᠦ ᠶᠢ ᠦᠨᠡᠨ ᠬᠦ ᠪᠠᠲᠤᠯᠠᠨ᠎ᠠ᠃︾ ᠭᠡᠵᠦ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠢᠨᠠᠯᠲᠠ | ᠬᠠᠮᠢᠶᠠᠷᠤᠯᠲᠠ ᠶᠢᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃ | |