ᠲᠤᠮᠤ ᠬᠡᠯᠪᠡᠷᠢ ᠶᠢᠨ ᠳᠠᠭᠤᠤ ᠪᠥᠵᠢᠭᠲᠦ ᠵᠦᠴᠦᠭᠡ ︽ᠤᠯᠠᠭᠠᠨᠰᠤᠬᠠᠢ︾ ᠤᠳᠠᠯ ᠦᠭᠡᠢ ᠲᠣᠭᠯᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/5/28
    ᠣᠷᠠᠳ ᠤᠨ ᠡᠮᠦᠨᠡᠲᠤ ᠬᠤᠰᠢᠭᠤᠨ ᠤ ᠣᠯᠠᠭᠠᠨᠮᠦ᠋ᠴᠢᠷ  ᠤᠨ ᠤᠯᠠᠭᠠᠨᠰᠤᠬᠠᠢ ᠶᠢᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠪᠠᠷ ᠭᠤᠣᠯ ᠰᠡᠳᠦᠪ ᠪᠣᠯᠭᠠᠭᠰᠠᠨ ᠲᠤᠮᠤ ᠬᠡᠯᠪᠡᠷᠢ ᠶᠢᠨ ᠤᠤᠭᠠᠯ ᠡᠭᠦᠳᠦᠯᠲᠡ ᠶᠢᠨ ᠳᠠᠭᠤᠤ ᠪᠥᠵᠢᠭᠲᠦ ᠵᠦᠴᠦᠭᠡ ︽ᠤᠯᠠᠭᠠᠨᠰᠤᠬᠠᠢ︾ ᠶᠢ ᠨᠠᠶᠢᠷᠠᠭᠤᠯᠤᠨ ᠵᠣᠬᠢᠶᠠᠬᠤ ᠠᠵᠢᠯ ᠬᠤᠶᠠᠷ ᠵᠢᠯ ᠭᠠᠷᠣᠢ ᠶᠠᠪᠣᠭᠳᠠᠵᠤ ᠪᠠᠶᠢᠨ᠎ᠠ᠃ ᠡᠮᠦᠨᠡᠬᠢ ᠬᠤᠭᠤᠴᠠᠭᠠᠨ ᠤ ᠮᠠᠲ᠋ᠧᠷᠢᠶᠠᠯ ᠴᠤᠭᠯᠠᠭᠤᠯᠬᠤ᠂ ᠵᠦᠴᠦᠭᠡ ᠵᠣᠬᠢᠶᠠᠨ ᠪᠦᠲᠦᠭᠡᠬᠦ᠂ ᠲᠤᠰᠬᠠᠢ ᠮᠡᠷᠭᠡᠵᠢᠯᠲᠡᠨ ᠰᠤᠳᠤᠯᠤᠨ ᠶᠠᠷᠢᠯᠴᠠᠬᠤ ᠵᠡᠷᠭᠡ ᠪᠡᠯᠡᠳᠬᠡᠯ ᠠᠵᠢᠯ ᠢᠶᠠᠷ ᠲᠠᠮᠵᠢᠨ ᠣᠳᠠᠯ ᠦᠬᠡᠢ ᠦᠵᠡᠭᠴᠢᠳ ᠲᠠᠢ ᠠᠭᠤᠯᠵᠠᠬᠤ ᠪᠠᠷ ᠪᠤᠯᠤᠯ᠎ᠠ᠂ ᠡᠨᠡ ᠬᠡᠰᠡᠭ ᠬᠤᠭᠤᠴᠠᠭᠠᠨ ᠳᠤ ᠲᠣᠭᠯᠠᠭᠴᠢᠳ ᠶᠠᠭ ᠱᠠᠯᠠᠪᠳᠠᠨ ᠪᠣᠯᠪᠠᠰᠤᠷᠠᠵᠤ ᠪᠠᠶᠢᠨ᠎ᠠ᠃ ᠲᠤᠰ ᠵᠦᠴᠦᠭᠡ ᠶᠢᠨ 60 ᠭᠠᠷᠤᠶ ᠲᠣᠭᠯᠠᠭᠴᠢ ᠣᠷᠣᠯᠴᠠᠵᠠᠶ    ᠲᠤᠰ ᠵᠦᠴᠦᠭᠡ ᠨᠢ ᠮᠤᠨᠠ ᠠᠭᠤᠯᠠ ᠶᠢᠨ ᠬᠤᠷᠮᠣᠢ ᠳᠠᠬᠢ ᠤᠯᠠᠭᠠᠨᠰᠤᠬᠠᠢ ᠶᠢᠨ ᠭᠠᠵᠠᠷ ᠣᠷᠣᠨ ᠳᠤ ᠡᠭᠦᠰᠦᠭᠰᠡᠨ ᠦᠯᠢᠭᠡᠷ ᠢᠶᠠᠷ ᠳᠠᠮᠵᠢᠭᠤᠯᠤᠨ ᠬᠥᠮᠦᠨ ᠬᠢᠭᠡᠳ ᠪᠠᠶᠢᠭᠠᠯᠢ᠂ ᠠᠮᠢ ᠠᠬᠤᠢ ᠶᠢᠨ ᠬᠠᠮᠠᠭᠠᠯᠠᠯᠲᠠ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠭᠤᠷᠪᠠᠨ ᠬᠡᠮᠵᠢᠯᠳᠦ ᠬᠠᠷᠢᠴᠠᠭ᠎ᠠ ᠶᠢ ᠲᠠᠶᠢᠯᠪᠣᠷᠢᠯᠠᠨ ᠂ ︽ᠠᠭᠤᠯᠠ ᠤᠰᠤᠨ ᠤ ᠪᠠᠶᠢᠳᠠᠯ᠂ ᠠᠮᠢ ᠠᠬᠤᠶ ᠶᠢᠨ ᠠᠶᠠᠯᠠᠯ︾ ᠢ ᠢᠯᠡᠷᠡᠭᠦᠯᠵᠦ᠂ ︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ︾ ᠶᠢᠨ ᠠᠮᠢ ᠨᠠᠰᠤᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ ᠶᠤᠮ᠃

微信图片_20240527153058.jpg

ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ