ᠬᠦᠢᠳᠡᠨ ᠠᠴᠠ ᠳᠠᠳᠠᠭᠠᠯᠵᠠᠭᠠᠷᠠᠢ
ᠨᠡᠶᠢᠲᠡᠯᠡᠭᠰᠡᠨ ᠴᠠᠭ᠄
2024/5/30
    ᠵᠤᠨ ᠪᠤᠯᠪᠠᠯ ᠵᠠᠷᠢᠮ ᠬᠥᠮᠥᠨ ᠠᠭᠠᠷ ᠲᠣᠬᠢᠷᠠᠭᠤᠯᠤᠭᠴᠢ ᠲᠠᠢ ᠥᠷᠥᠭᠡᠨ ᠳᠤ ᠣᠷᠳᠣ ᠬᠤᠭᠤᠴᠠᠭ᠎ᠠ ᠪᠠᠷ ᠰᠠᠭᠤᠬᠤ ᠳᠤᠷᠠᠲᠠᠢ ᠪᠠᠶᠢᠵᠤ᠂ ᠵᠠᠷᠢᠮ ᠨᠢ ᠬᠦᠢᠳᠡᠨ ᠤᠮᠳᠠᠭᠠᠨ ᠤᠤᠭᠤᠬᠤ ᠳᠠᠳᠬᠠᠯ ᠲᠠᠢ ᠪᠠᠶᠢᠳᠠᠬ᠃ ᠡᠳᠡᠭᠡᠷ ᠳᠠᠳᠬᠠᠯ ᠨᠢ ᠬᠥᠮᠥᠨ ᠤ ᠪᠡᠶ᠎ᠡ ᠶᠢ ᠠᠮᠠᠷᠬᠠᠨ ᠭᠡᠮᠲᠦᠭᠡᠵᠦ᠂ ᠰᠢᠨ᠎ᠡ ᠬᠠᠭᠤᠴᠢᠨ ᠤ ᠰᠣᠯᠢᠯᠴᠠᠭ᠎ᠠ ᠶᠢ ᠤᠳᠠᠭᠠᠰᠢᠷᠠᠭᠤᠯᠳᠠᠭ᠃     ᠡᠶᠢᠮᠦ ᠠᠴᠠ ᠵᠤᠨ ᠤ ᠴᠠᠭ ᠪᠡᠶ᠎ᠡ ᠰᠤᠪᠢᠯᠠᠬᠤ ᠳᠤ ᠬᠦᠢᠲᠡᠨ ᠳᠤ ᠳᠤᠷᠠᠯᠠᠵᠤ ᠪᠣᠯᠬᠤ ᠦᠭᠡᠢ᠂ ᠤᠷᠲᠤ ᠬᠤᠭᠤᠴᠠᠭ᠎ᠠ ᠪᠠᠷ ᠠᠭᠠᠷ ᠲᠣᠬᠢᠷᠠᠭᠤᠯᠤᠭᠴᠢ ᠬᠡᠷᠡᠭᠯᠡᠵᠦ ᠪᠣᠯᠬᠤ ᠦᠭᠡᠢ᠂ ᠵᠣᠬᠢᠬᠤ ᠬᠡᠮᠵᠢᠶᠡᠨ ᠤ ᠬᠥᠯᠥᠰᠦ ᠭᠠᠷᠭᠠᠵᠤ ᠪᠡᠶ᠎ᠡ ᠶᠢᠨ ᠳᠤᠯᠠᠭᠠᠨ ᠢ ᠲᠣᠬᠢᠷᠠᠭᠤᠯᠬᠤ ᠪᠠ ᠰᠣᠯᠢᠯᠴᠠᠭᠠᠨ ᠤ ᠬᠠᠶᠠᠭᠳᠠᠮᠠᠯ ᠪᠣᠳᠠᠰ ᠢ ᠭᠠᠳᠠᠭᠰᠢᠯᠠᠭᠤᠯᠬᠤ ᠬᠡᠷᠡᠭᠲᠡᠢ᠃ ᠬᠥᠯᠳᠡᠭᠡᠭᠦᠷ ᠠᠴᠠ ᠠᠪᠴᠤ ᠭᠠᠷᠭᠠᠭᠰᠠᠨ ᠢᠳᠡᠭᠡᠨ ᠢ 1 ᠴᠠᠭ ᠲᠠᠯᠪᠢᠭᠰᠠᠨ ᠤ ᠳᠠᠷᠠᠭ᠎ᠠ ᠰᠠᠶ᠋ᠢ ᠢᠳᠡᠵᠦ᠂ ᠲᠦᠭᠦᠬᠡᠢ ᠬᠦᠢᠲᠡᠨ ᠢᠳᠡᠭᠡᠨ ᠤ ᠬᠤᠳᠣᠭᠤᠳᠤ ᠭᠡᠳᠡᠰᠦᠨ ᠳᠤ ᠰᠡᠳᠦᠯᠲᠡ ᠥᠭᠬᠦ ᠠᠴᠠ ᠬᠢᠴᠢᠶᠡᠬᠦ ᠬᠡᠷᠡᠭᠳᠡᠢ᠃ ᠡᠭᠦᠨ ᠠᠴᠠ ᠭᠠᠳᠠᠨ᠎ᠠ ᠤᠨᠳᠠᠵᠤ ᠠᠮᠠᠷᠠᠬᠤ ᠪᠠᠨ ᠳᠤᠬᠢᠷᠠᠭᠤᠯᠤᠨ᠂ ᠦᠳᠡ ᠳᠡᠭᠡᠨ ᠲᠦᠷ ᠵᠠᠭᠤᠷ᠎ᠠ ᠴᠦ ᠬᠡᠰᠡᠨ ᠤᠨᠳᠠᠵᠤ ᠠᠮᠠᠷᠠᠪᠠᠯ ᠵᠤᠬᠢᠨ᠎ᠠ᠃ ᠳᠠᠬᠢᠪᠠᠯ ᠦᠨᠳᠦᠷ ᠳᠤᠯᠠᠭᠠᠨ ᠳᠤ ᠨᠠᠷᠠᠰᠢᠬᠤ ᠠᠴᠠ ᠰᠡᠷᠬᠡᠶᠢᠯᠡᠵᠦ᠂ ᠭᠡᠷ ᠤᠨ ᠭᠠᠳᠠᠨᠠᠬᠢ ᠬᠦᠳᠡᠯᠬᠡᠬᠡᠨ ᠳᠤ ᠤᠷᠤᠯᠴᠠᠬᠤ ᠪᠠᠨ ᠪᠠᠭᠠᠰᠬᠠᠵᠤ᠂ ᠬᠠᠮᠠᠭᠠᠯᠠᠯᠳᠠ ᠪᠠᠨ ᠰᠠᠶᠢᠳᠤᠷ ᠬᠢᠬᠦ ᠬᠡᠷᠡᠭᠳᠡᠢ᠃ ᠠᠯᠢ ᠴᠢᠳᠠᠬᠤ ᠪᠠᠷ ᠦᠭᠡᠬᠦ ᠳᠤᠰᠤ ᠪᠠᠭᠠᠳᠠᠢ ᠢᠳᠡᠬᠡᠨ ᠢᠳᠡᠵᠦ ᠪᠡᠶ᠎ᠡ ᠶᠢᠨ ᠡᠷᠡᠬᠦᠯ ᠮᠡᠨᠳᠦ ᠪᠠᠨ ᠠᠩᠬᠠᠷᠪᠠᠯ ᠵᠤᠬᠢᠨ᠎ᠠ᠃

6385240544188012195329501.png

ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ