ᠲᠡᠯᠡᠬᠡᠢ ᠶᠢᠨ ᠤᠨᠳᠠᠯᠭ᠎ᠠ ᠶᠢᠨ ᠡᠳᠦᠷ — ᠤᠨᠲᠠᠵᠤ ᠣᠷᠣᠬᠤ ᠦᠭᠡᠢ ᠪᠤᠶᠤ ᠤᠨᠲᠠᠭᠠᠳ ᠰᠡᠷᠡᠵᠥ ᠳᠡᠶᠢᠯᠬᠦ ᠦᠭᠡᠢ ᠨᠢ ᠰᠡᠷᠡᠮᠵᠢᠯᠡᠬᠦᠰᠢᠳᠡᠢ
ᠨᠡᠶᠢᠲᠡᠯᠡᠭᠰᠡᠨ ᠴᠠᠭ᠄
2024/5/30
      ᠤᠨᠲᠠᠬᠤ ᠨᠢ ᠬᠥᠮᠦᠨ ᠪᠣᠯᠭᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠤᠨᠲᠠᠬᠤ ᠴᠢᠨᠠᠷ ᠤᠨ ᠰᠠᠶᠢᠨ ᠮᠠᠭᠤ ᠨᠢ ᠨᠡᠩ ᠴᠤ ᠨᠢᠭᠡ ᠬᠥᠮᠦᠨ ᠤ ᠣᠶᠤᠨ ᠰᠠᠨᠠᠭᠠᠨ ᠤ ᠪᠠᠶᠢᠳᠠᠯ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠰᠢᠭᠤᠳ ᠨᠥᠯᠥᠭᠡᠯᠡᠳᠡᠭ᠃ 3 ᠰᠠᠷ᠎ᠠ ᠶᠢᠨ 21 ᠤ ᠡᠳᠦᠷ ᠪᠣᠯ ᠳᠡᠯᠡᠬᠡᠶ ᠶᠢᠨ ᠤᠨᠲᠠᠯᠭ᠎ᠠ ᠶᠢᠨ ᠡᠳᠦᠷ ᠪᠣᠯᠤᠨ᠎ᠠ᠃     ᠣᠳᠣᠬᠠᠨ ᠳᠤ᠂ ᠮᠠᠰᠢ ᠣᠯᠠᠨ ᠬᠥᠮᠦᠨ ᠨᠦᠢᠷ ᠬᠤᠯᠵᠢᠬᠤ᠂ ᠨᠦᠢᠷ ᠳᠤᠲᠠᠬᠤ ᠵᠡᠷᠭᠡ ᠠᠰᠠᠭᠤᠳᠠᠯ ᠳᠤ ᠳᠠᠷᠴᠢᠯᠠᠭᠠᠬᠳᠠᠵᠥ᠂ ᠠᠮᠢᠳᠤᠷᠠᠯ ᠤᠨ ᠴᠢᠨᠠᠷ ᠴᠢᠨᠰᠠᠭ᠎ᠠ ᠬᠦᠨᠳᠦ ᠨᠣᠴᠢᠲᠠᠶ ᠨᠥᠯᠥᠭᠡᠯᠡᠭᠳᠡᠵᠦ ᠪᠠᠶᠢᠨ᠎ᠠ᠃ ᠶᠠᠮᠠᠷ ᠪᠠᠶᠢᠳᠠᠯ ᠠᠴᠠ ᠪᠤᠯᠵᠤ ᠬᠦᠮᠦᠨ ᠤ ᠤᠨᠲᠠᠯᠭ᠎ᠠ ᠶᠢ ᠬᠠᠷᠰᠢᠯᠡᠵᠤ ᠪᠠᠶᠢᠬᠤ ᠪᠣᠢ︖ ᠤᠷᠲᠤ ᠬᠤᠭᠤᠴᠠᠭ᠎ᠠ ᠨᠦᠢᠷ ᠬᠦᠷᠦᠯᠴᠡᠬᠦ ᠦᠭᠡᠢ ᠨᠢ ᠬᠥᠮᠦᠨ ᠤ ᠪᠡᠶ᠎ᠡ ᠳᠤ ᠶᠠᠮᠠᠷ ᠬᠤᠤᠷ ᠬᠥᠨᠥᠭᠡᠯ ᠤᠴᠠᠷᠠᠭᠤᠯᠬᠤ ᠪᠣᠶ︖ ᠬᠡᠷᠬᠢᠨ ᠴᠢᠨᠠᠷ ᠰᠠᠶᠢᠲᠠᠶ ᠤᠨᠲᠠᠬᠤ ᠪᠣᠢ︖      ᠰᠤᠷᠪᠤᠯᠵᠢᠯᠠᠭᠴᠢ ᠮᠠᠰᠢ ᠣᠯᠠᠨ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ ᠢ ᠰᠤᠷᠪᠤᠯᠵᠢᠯᠠᠪᠠ᠃     ᠪᠡᠭᠡᠵᠢᠩ ᠤᠨ ᠨᠦᠬᠦᠷᠯᠡᠯ ᠡᠮᠨᠡᠯᠭᠡ ᠶᠢᠨ ᠬᠤᠷᠢᠶ᠎ᠠ ᠶᠢᠨ ᠴᠢᠬᠢ ᠬᠠᠮᠠᠷ ᠬᠤᠭᠤᠯᠠᠶ ᠳᠤᠯᠤᠭᠠᠢ ᠬᠦᠵᠦᠬᠦᠨ ᠤ ᠭᠠᠳᠠᠷ ᠰᠠᠯᠠᠭᠠᠨ ᠤ ᠡᠷᠬᠢᠯᠡᠭᠴᠢ ᠡᠮᠴᠢ ᠵᠤ ᠮᠧᠶ᠂ ᠨᠦᠢᠷ ᠬᠤᠯᠵᠢᠬᠤ ᠪᠣᠯ ᠦᠷᠭᠦᠯᠵᠢ ᠲᠣᠬᠢᠶᠠᠯᠳᠤᠳᠠᠭ ᠤᠨᠳᠠᠯᠭ᠎ᠠ ᠶᠢᠨ ᠬᠠᠷᠰᠢᠯ ᠮᠥᠨ᠃ ᠨᠦᠢᠷ ᠬᠤᠯᠵᠢᠬᠤ ᠡᠰᠡᠬᠦ ᠶᠢ ᠮᠠᠭᠠᠳᠯᠠᠬᠤ ᠳᠤ᠂ ᠡᠩ ᠲᠡᠷᠢᠭᠦᠨ ᠳᠤ ᠤᠨᠲᠠᠬᠤ ᠳᠤ ᠬᠦᠴᠢᠷᠳᠡᠬᠦ ᠡᠰᠡᠬᠦ ᠶᠢ ᠦᠵᠡᠨ᠎ᠡ᠂ ᠬᠡᠷᠪᠡ ᠤᠨᠳᠠᠬᠤ ᠠᠴᠠ ᠡᠮᠤᠨᠡᠬᠢ ᠨᠢᠭᠤᠬᠳᠠᠮᠠᠯ ᠬᠤᠭᠤᠴᠠᠭ᠎ᠠ ᠨᠢ 30 ᠮᠢᠨᠦ᠋ᠲ ᠠᠴᠠ ᠬᠡᠲᠦᠷᠡᠬᠦ᠂ ᠪᠦᠲᠦᠨ ᠰᠥᠨᠢ ᠰᠡᠷᠡᠬᠦ ᠤᠳᠠᠭ᠎ᠠ ᠨᠢ 2 ᠤᠳᠠᠭ᠎ᠠ ᠠᠴᠠ ᠢᠯᠡᠬᠦᠦ ᠪᠠᠶᠢᠬᠤ᠂ ᠡᠷᠲᠡ ᠰᠡᠷᠡᠬᠦ ᠪᠠ ᠤᠨᠲᠠᠬᠤ ᠴᠢᠨᠠᠷ ᠮᠠᠭᠤᠳᠠᠬᠤ ᠵᠡᠷᠭᠡ ᠪᠠᠶᠢᠳᠠᠯ ᠣᠷᠣᠰᠢᠵᠤ ᠪᠠᠶᠢᠬᠤ᠂ ᠡᠰᠡᠬᠦᠯ᠎ᠡ ᠪᠦᠬᠦ᠋ᠢᠯᠡ ᠤᠨᠲᠠᠬᠤ ᠴᠠᠭ ᠨᠢ 6 ᠴᠠᠭ ᠠᠴᠠ ᠪᠠᠭ᠎ᠠ ᠪᠠᠶᠢᠪᠠᠯ᠂ ᠳᠠᠷᠤᠶ ᠨᠦᠢᠷ ᠬᠤᠯᠵᠢᠬᠤ ᠠᠰᠠᠭᠤᠳᠠᠯ ᠣᠷᠣᠰᠢᠵᠤ ᠪᠠᠶᠢᠬᠤ ᠶᠢ ᠬᠠᠷᠠᠭᠤᠯᠵᠤ ᠪᠠᠶᠢᠨ᠎ᠠ᠃      ︽ᠣᠷᠳᠣ ᠬᠤᠭᠤᠴᠠᠭ᠎ᠠ ᠪᠠᠷ ᠨᠦᠢᠷ ᠬᠤᠯᠵᠢᠬᠤ ᠨᠢ ᠨᠢᠬᠡ ᠡᠳᠦᠷ ᠤᠨ ᠤᠶᠤᠨ ᠴᠢᠳᠠᠯ ᠬᠦᠷᠦᠯᠴᠡᠬᠦ ᠥᠬᠡᠶ᠂ ᠰᠡᠳᠭᠢᠬᠦ ᠳᠤ ᠬᠦᠴᠢᠷᠳᠡᠬᠦ᠂ ᠠᠩᠬᠠᠷᠤᠯ ᠢᠶᠠᠨ ᠲᠥᠪᠯᠡᠷᠡᠭᠦᠯᠬᠦ ᠳᠤ ᠪᠡᠷᠬᠡ ᠪᠣᠯᠬᠤ ᠪᠤᠶᠤ ᠰᠡᠳᠭᠢᠯ ᠰᠠᠨᠠᠭ᠎ᠠ ᠲᠣᠭᠲᠠᠭᠤᠨ ᠪᠤᠰᠤ᠂ ᠵᠣᠪᠠᠨᠢᠬᠤ᠂ ᠭᠠᠩᠰᠠᠷᠠᠬᠤ ᠵᠡᠷᠭᠡ ᠢᠯᠡᠷᠡᠯ ᠢ ᠡᠬᠦᠰᠬᠡᠨ᠎ᠡ᠃ ᠪᠠᠰᠠ ᠥᠪᠡᠷ ᠤᠨ ᠪᠡᠶ᠎ᠡ ᠶᠢᠨ ᠡᠭᠡᠯᠢᠯᠡᠭᠡ ᠶᠢᠨ ᠰᠢᠰᠲ᠋ᠧᠮ ᠤᠨ ᠠᠵᠢᠯᠯᠠᠭ᠎ᠠ ᠶᠢ ᠪᠠᠭᠤᠷᠠᠭᠤᠯᠵᠤ᠂ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠪᠠᠭᠤᠷᠠᠭᠤᠯᠵᠦ᠂ ᠰᠢᠬᠢᠷ ᠰᠢᠵᠢᠩ ᠡᠪᠡᠳᠴᠢᠨ᠂ ᠮᠠᠷᠢᠶᠠᠯᠠᠬᠤ᠂ ᠴᠢᠰᠤᠨ ᠤ ᠥᠭᠡᠬᠦ ᠥᠨᠳᠥᠷᠵᠢᠭᠰᠡᠨ ᠭᠡᠮ ᠤᠨ ᠡᠪᠡᠳᠴᠢᠨ ᠣᠯᠬᠤ ᠲᠦᠭᠰᠢᠭᠦᠷᠢ ᠶᠢ ᠨᠡᠮᠡᠭᠳᠡᠭᠦᠯᠦᠨ᠎ᠡ︾ ᠬᠡᠵᠥ ᠳᠠᠨᠢᠯᠴᠠᠭᠤᠯᠪᠠ᠃      ᠪᠡᠭᠡᠵᠢᠩ ᠤᠨ ᠠᠨ ᠳ᠋ᠢᠩ ᠡᠮᠨᠡᠯᠭᠡ ᠶᠢᠨ ᠬᠤᠷᠢᠶ᠎ᠠ ᠶᠢᠨ ᠭᠠᠩᠰᠠᠷᠠᠬᠤ ᠬᠡᠮ ᠢ ᠡᠮᠨᠡᠨ ᠵᠠᠰᠠᠬᠤ ᠲᠥᠪ ᠤᠨ ᠲᠠᠪᠤᠳᠤᠭᠠᠷ ᠡᠪᠡᠳᠴᠢᠲᠡᠨ ᠤ ᠲᠣᠭᠤᠷᠢᠭ ᠤᠨ ᠡᠷᠬᠢᠯᠡᠭᠴᠢ ᠱᠠ ᠱᠠ᠂ ᠨᠡᠶᠢᠭᠡᠮ ᠤᠨ ᠠᠮᠢᠳᠤᠷᠠᠯ ᠤᠨ ᠠᠶᠢᠵᠠᠮ ᠲᠠᠰᠤᠷᠠᠯᠲᠠ ᠥᠬᠡᠶ ᠲᠦᠷᠭᠡᠰᠭᠦ᠂ ᠥᠷᠢᠰᠥᠯᠳᠦᠭᠡᠨ ᠤ ᠳᠠᠷᠤᠯᠲᠠ ᠢᠳᠡᠭ ᠢᠳᠡᠭ ᠢᠶᠠᠷ ᠨᠡᠮᠡᠭᠳᠡᠬᠦ ᠶᠢ ᠲᠠᠭᠠᠯᠳᠤᠨ᠂ ᠤᠳᠠᠭᠠᠨ ᠴᠢᠨᠠᠷᠲᠠᠶ ᠤᠨᠲᠠᠬᠤ ᠠᠮᠢᠳᠤ ᠪᠣᠳᠠᠰ ᠤᠨ ᠬᠡᠮᠨᠡᠯ ᠰᠠᠮᠠᠭᠤᠷᠠᠭᠰᠠᠨ ᠠᠴᠠ ᠪᠣᠯᠵᠣ ᠨᠦᠢᠷ ᠬᠤᠯᠵᠢᠬᠤ ᠪᠠᠶᠢᠳᠠᠯ ᠴᠤ ᠢᠳᠡᠭ ᠢᠳᠡᠭ ᠢᠶᠠᠷ ᠨᠡᠮᠡᠭᠳᠡᠪᠡ᠃ ᠲᠡᠷᠡ ᠨᠢ ᠤᠨᠲᠠᠬᠤ ᠳᠤ ᠬᠦᠴᠢᠷᠳᠡᠬᠦ᠂ ᠣᠯᠠᠨ ᠤᠳᠠᠭ᠎ᠠ ᠰᠡᠷᠡᠬᠦ᠂ ᠨᠦᠢᠷ ᠬᠦᠷᠦᠯᠴᠡᠬᠦ ᠦᠭᠡᠢ ᠪᠤᠶᠤ ᠤᠨᠲᠠᠯᠭ᠎ᠠ ᠶᠢᠨ ᠴᠠᠭ ᠰᠠᠮᠠᠭᠤᠷᠠᠬᠤ ᠵᠡᠷᠭᠡ ᠹᠢᠽᠢᠣᠯᠣᠭᠢ ᠶᠢᠨ ᠪᠤᠰᠤ ᠴᠢᠨᠠᠷᠲᠠᠢ ᠤᠨᠲᠠᠯᠭ᠎ᠠ ᠶᠢᠨ ᠪᠠᠶᠢᠳᠠᠯ ᠢᠯᠡᠷᠡᠳᠡᠭ ᠭᠡᠵᠦ ᠬᠡᠯᠡᠪᠡ᠃      ᠠᠩᠬᠠᠷᠤᠭᠤᠰᠢᠲᠠᠶ ᠨᠢ᠂ ᠤᠨᠲᠠᠯᠭ᠎ᠠ ᠶᠢᠨ ᠴᠠᠭ ᠤᠨ ᠬᠡᠳᠦᠢ ᠣᠷᠳᠣ ᠪᠠᠶᠢᠬᠤ ᠨᠢ ᠪᠣᠳᠠᠭᠠᠯᠢ ᠴᠤᠬᠴᠠ ᠶᠢᠨ ᠵᠥᠷᠢᠶ᠎ᠡ ᠣᠷᠣᠰᠢᠳᠠᠭ᠂ ᠭᠡᠪᠡᠴᠦ ᠶᠠᠮᠠᠷ ᠴᠤ ᠶᠠᠪᠤᠳᠠᠯ ᠳᠤ ᠴᠦᠮ ︽ᠬᠡᠮ ᠬᠡᠮᠵᠢᠶ᠎ᠡ︾ ᠲᠠᠢ ᠶᠤᠮ᠂ ᠬᠡᠳᠦ ᠤᠷᠳᠤ ᠬᠤᠭᠤᠴᠠᠭ᠎ᠠ ᠤᠨᠲᠠᠬᠤ ᠨᠢ ᠪᠠᠰᠠ ᠡᠷᠡᠭᠦᠯ ᠮᠡᠨᠳᠦ ᠶᠢᠨ ᠠᠰᠠᠭᠤᠳᠠᠯ ᠢ ᠡᠬᠦᠰᠬᠡᠳᠡᠭ᠃ ᠮᠧᠩ ᠹᠠᠨ ᠴᠢᠶᠠᠩ ᠤᠨ ᠲᠠᠨᠢᠯᠴᠠᠭᠤᠯᠤᠭᠰᠠᠨ ᠢᠶᠠᠷ᠂ ᠰᠥᠨᠢ ᠳᠡᠭᠡᠨ ᠬᠤᠷᠬᠢᠷᠠᠬᠤ᠂ ᠢᠯᠠᠩᠭᠤᠶ᠎ᠠ ᠠᠮᠢᠰᠬᠤᠯ ᠲᠦᠷ ᠵᠣᠭᠰᠣᠬᠤ ᠬᠥᠮᠦᠨ ᠤ ᠤᠨᠲᠠᠯᠭ᠎ᠠ ᠶᠢᠨ ᠴᠢᠨᠠᠷ ᠨᠢ ᠢᠯᠡᠳᠲᠡ ᠮᠠᠭᠤᠳᠠᠵᠤ᠂ ᠤᠨᠳᠠᠭᠠᠳ ᠰᠡᠷᠡᠵᠦ ᠲᠡᠶᠢᠯᠬᠦ ᠦᠭᠡᠢ ᠪᠠᠶᠢᠵᠤ ᠮᠡᠳᠡᠨ᠎ᠡ︔ ᠡᠭᠦᠨ ᠠᠴᠠ ᠭᠠᠳᠠᠨ᠎ᠠ᠂ ᠭᠠᠩᠰᠠᠷᠠᠬᠤ ᠬᠡᠮ ᠣᠯᠤᠭᠰᠠᠨ ᠬᠥᠮᠦᠰ ᠪᠠᠰᠠ ᠬᠡᠲᠦ ᠤᠷᠳᠤ ᠬᠤᠭᠤᠴᠠᠭ᠎ᠠ ᠤᠨᠲᠠᠬᠤ᠂ ᠤᠨᠳᠠᠭᠠᠳ ᠰᠡᠷᠡᠵᠦ ᠲᠡᠶᠢᠯᠬᠦ ᠦᠭᠡᠢ ᠢᠯᠡᠷᠡᠯ ᠭᠠᠷᠳᠠᠭ᠂ ᠬᠡᠷᠪᠡ ᠣᠷᠳᠣ ᠬᠤᠭᠤᠴᠠᠭ᠎ᠠ ᠪᠠᠷ ᠤᠨᠳᠠᠭᠠᠳ ᠰᠡᠷᠡᠵᠦ ᠲᠡᠶᠢᠯᠬᠦ ᠦᠭᠡᠢ ᠮᠥᠷᠲᠡᠭᠡᠨ ᠢᠯᠡᠷᠬᠡᠶ ᠤᠷᠮ᠎ᠠ ᠰᠡᠳᠭᠢᠯᠭᠡ ᠶᠢᠨ ᠠᠰᠠᠭᠤᠳᠠᠯ ᠲᠠᠢ ᠪᠣᠯ ᠡᠷᠲᠡᠬᠡᠨ ᠡᠷᠡᠬᠦᠯ ᠮᠡᠨᠳᠤ ᠪᠠᠨ ᠪᠠᠶᠢᠴᠠᠭᠠᠯᠭᠠᠬᠤ ᠬᠡᠷᠡᠭᠳᠡᠢ ᠭᠡᠪᠡ᠃   
ᠢᠷᠡᠯᠲᠡ᠄ ᠰᠢᠡᠬᠤᠸᠠ ᠬᠤᠷᠢᠶ᠎ᠠ