ᠨᠢᠭᠡ᠂ ᠲᠥᠷᠥ ᠶᠢᠨ ᠪᠣᠳᠣᠯᠭ᠎ᠠ ᠶᠢᠨ ᠲᠡᠦᠬᠡᠲᠦ ᠠᠬᠤᠢ | 2022 ᠣᠨ ᠳᠤ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠪᠠᠨ ᠨᠢᠭᠡᠨ ᠵᠤᠷᠪᠤᠰ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ︾ ︵ᠳᠣᠷᠣᠭᠰᠢ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠭᠡᠵᠦ ᠲᠣᠪᠴᠢᠯᠠᠪᠠ︶ ᠢ ᠨᠡᠶᠢᠲᠡᠯᠡᠭᠰᠡᠨ ᠤ | ᠳᠠᠷᠠᠭ᠎ᠠ᠂ ᠮᠠᠨ ᠤ ᠣᠷᠣᠨ ᠢ ᠤᠳᠤᠷᠢᠳᠤᠨ ᠳᠠᠭᠠᠭᠤᠯᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ | ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠤᠭᠠᠳ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠭᠦᠢᠴᠡᠳ ᠨᠤᠲᠠᠯᠠᠯᠲᠠ ᠶᠢ ᠣᠯᠵᠠᠢ᠃ ᠡᠭᠦᠨ ᠤ | ᠬᠠᠮᠲᠤ᠂ ᠨᠠᠮ ᠤᠨ ᠲᠥᠪ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠰᠢᠨ᠎ᠡ ᠱᠠᠭᠠᠷᠳᠠᠯᠭ᠎ᠠ ᠳᠤᠷᠠᠳᠴᠤ᠂ ᠮᠠᠨ ᠤ ᠣᠷᠣᠨ ᠤ ᠠᠵᠢᠯ ᠤᠨ | ᠳᠤᠮᠳᠠ ᠪᠠᠰᠠ ᠮᠠᠰᠢ ᠣᠯᠠᠨ ᠰᠢᠨ᠎ᠡ ᠵᠠᠭᠪᠤᠷ ᠤᠳ ᠢ ᠳ᠋ᠦᠩᠨᠡᠨ᠂ ᠵᠠᠷᠢᠮ ᠰᠢᠨ᠎ᠡ ᠠᠰᠠᠭᠤᠳᠠᠯ ᠤᠳ ᠢ ᠢᠯᠡᠷᠡᠭᠦᠯᠦᠭᠰᠡᠨ ᠪᠠᠶᠢᠨ᠎ᠠ᠃ ︽ᠲᠠᠷᠢᠶᠠᠨ | ᠭᠠᠵᠠᠷ ᠤᠨ ᠠᠷᠪᠠᠨ ᠨᠢᠭᠡᠨ ᠵᠤᠷᠪᠤᠰ︾ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠤᠷᠢᠳ ᠢᠶᠠᠷ ᠲᠣᠭᠲᠠᠭᠠᠵᠤ ᠳᠠᠷᠠᠭ᠎ᠠ ᠨᠢ ᠴᠤᠴᠠᠯᠬᠤ︾ ᠵᠠᠷᠴᠢᠮ ᠶᠣᠰᠣᠭᠠᠷ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ ᠳᠠᠷᠤᠮᠠᠯᠯᠠᠨ | ᠲᠠᠷᠬᠠᠭᠠᠭᠠᠳ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠢ ᠰᠢᠨᠡᠳᠬᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠨ᠂ ︽ᠡᠷᠭᠢᠯᠳᠦᠭᠦᠯᠬᠦ — ᠳᠠᠷᠢᠬᠤ — ᠪᠣᠯᠪᠠᠰᠤᠷᠠᠭᠤᠯᠬᠤ — ᠦᠢᠯᠡᠴᠢᠯᠡᠬᠦ — ᠡᠵᠡᠩᠨᠡᠨ | ᠪᠣᠷᠣᠯᠠᠭᠤᠯᠬᠤ︾ ᠪᠥᠬᠦ ᠬᠡᠯᠬᠢᠶ᠎ᠡ ᠶᠢ ᠨᠠᠪᠲᠠᠷᠡᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠶᠡᠭᠡ ᠬᠤᠪᠢᠰᠤᠯᠲᠠ ᠶᠢ ᠠᠬᠢᠭᠤᠯᠵᠠᠢ᠃ | ᠬᠤᠶᠠᠷ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠲᠠᠢ ᠬᠠᠷᠢᠴᠠᠭᠤᠯᠪᠠᠯ ᠶᠠᠮᠠᠷ ᠶᠠᠮᠠᠷ ᠬᠤᠪᠢᠷᠠᠯᠲᠠ ᠲᠠᠢ ᠪᠤᠢ︖ | ︽ᠮᠡᠳᠡᠭᠳᠡᠯ︾ ᠳᠤ 11 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠭ᠎ᠠ ᠶᠢ ᠬᠤᠪᠢᠷᠠᠭᠤᠯᠬᠤ ᠦᠭᠡᠢ ᠪᠠᠶᠢᠬᠤ ᠶᠢ | ᠪᠠᠲᠤᠯᠠᠵᠤ᠂ ᠭᠤᠣᠯᠳᠠᠭᠤ ᠲᠥᠷᠥ ᠶᠢᠨ ᠪᠣᠳᠣᠯᠭ᠎ᠠ ᠶᠢᠨ ᠲᠥᠰᠥᠪᠯᠡᠯ ᠤᠨ ᠲᠠᠯ᠎ᠠ ᠪᠠᠷ ᠰᠢᠯᠢᠳᠡᠭᠵᠢᠭᠦᠯᠪᠡ᠃ ᠨᠢᠭᠡ ᠳᠤ ᠦᠨᠡᠯᠡᠨ ᠵᠢᠱᠢᠯᠲᠡ ᠳᠤ | ᠣᠷᠣᠰᠢᠵᠤ ᠪᠠᠶᠢᠭ᠎ᠠ 30 ᠵᠦᠢᠯ ᠤᠨ ᠠᠰᠠᠭᠤᠳᠠᠯ ᠢ ᠦᠨᠳᠦᠰᠦᠯᠡᠨ᠂ 34 ᠵᠦᠢᠯ ᠤᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠨᠡᠮᠡᠪᠡ᠃ | ᠬᠤᠶᠠᠷ ᠲᠤ ᠡᠯ᠎ᠡ ᠭᠠᠵᠠᠷ ᠤᠨ ᠨᠡᠶᠢᠲᠡᠯᠢᠭ ᠲᠤᠷᠰᠢᠯᠭ᠎ᠠ ᠨᠤᠭᠤᠳ ᠲᠠᠢ ᠤᠶᠠᠯᠳᠤᠭᠤᠯᠤᠨ᠂ ᠠᠵᠢᠯ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ᠂ | ᠪᠠᠶᠢᠭᠤᠯᠬᠤ ᠬᠠᠮᠢᠶᠠᠷᠬᠤ ᠡᠵᠡᠩᠨᠡᠬᠦ ᠶᠢ ᠨᠢᠭᠡ ᠴᠣᠭᠴᠠᠵᠢᠭᠤᠯᠬᠤ ᠵᠡᠷᠭᠡ ᠨᠡᠶᠢᠲᠡᠯᠢᠭ ᠵᠠᠭᠪᠤᠷ ᠤᠳ ᠤᠨ ᠣᠯᠠᠰᠢᠷᠠᠬᠤ ᠶᠢ ᠠᠬᠢᠭᠤᠯᠪᠠ᠃ ᠭᠤᠷᠪᠠ ᠳᠤ | ᠲᠥᠷᠥ ᠶᠢᠨ ᠪᠣᠳᠣᠯᠭ᠎ᠠ ᠶᠢᠨ ᠬᠤᠭᠤᠴᠠᠭᠠᠲᠤ ᠴᠢᠨᠠᠷ ᠢ ᠳᠡᠭᠡᠭᠰᠢᠯᠡᠭᠦᠯᠦᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠳᠠᠬᠢ ᠬᠤᠯᠪᠣᠭᠠᠲᠤ | ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠴᠠᠭᠠᠵᠠᠯᠠᠬᠤ ᠵᠡᠷᠭᠡ ᠬᠤᠶᠠᠷ ᠵᠦᠢᠯ ᠤᠨ ᠠᠷᠭ᠎ᠠ ᠬᠡᠮᠵᠢᠶ᠎ᠡ ᠶᠢ ᠬᠠᠰᠤᠵᠤ᠂ ᠬᠡᠰᠡᠭ ᠬᠠᠷᠢᠭᠤᠴᠠᠬᠤ | ᠨᠢᠭᠡᠴᠢ ᠶᠢ ᠲᠣᠬᠢᠷᠠᠭᠤᠯᠪᠠ᠃ | ᠭᠤᠷᠪᠠ᠂ ᠭᠤᠣᠯ ᠠᠭᠤᠯᠭ᠎ᠠ | ︽ᠮᠡᠳᠡᠭᠳᠡᠯ︾ ᠳᠤ ᠨᠡᠶᠢᠲᠡ ᠠᠷᠪᠠᠨ ᠨᠢᠭᠡᠨ ᠲᠠᠯ᠎ᠠ ᠶᠢ ᠪᠠᠭᠲᠠᠭᠠᠵᠤ᠂ ︽ᠳᠥᠷᠪᠡ ᠶᠢ ᠲᠣᠭᠲᠠᠭᠠᠬᠤ ᠳᠥᠷᠪᠡ ᠶᠢ ᠠᠳᠬᠤᠬᠤ ᠭᠤᠷᠪᠠ ᠶᠢ | ᠪᠠᠲᠤᠯᠠᠬᠤ︾ ᠶᠢ ᠢᠯᠡᠷᠡᠭᠦᠯᠪᠡ᠃ ︽ᠳᠥᠷᠪᠡ ᠶᠢ ᠲᠣᠭᠲᠠᠭᠠᠬᠤ︾ ᠪᠣᠯ ︽ᠪᠠᠷᠢᠮᠵᠢᠶ᠎ᠠ ᠶᠢ ᠲᠣᠭᠲᠠᠭᠠᠬᠤ᠂ ᠵᠠᠭᠪᠤᠷ ᠢ ᠲᠣᠭᠲᠠᠭᠠᠬᠤ᠂ | ᠬᠠᠷᠢᠭᠤᠴᠠᠯᠭ᠎ᠠ ᠶᠢ ᠲᠣᠭᠲᠠᠭᠠᠬᠤ᠂ ᠱᠠᠩᠨᠠᠯ ᠢ ᠲᠣᠭᠲᠠᠭᠠᠬᠤ︾᠂ ︽ᠳᠥᠷᠪᠡ ᠶᠢ ᠠᠳᠬᠤᠬᠤ︾ ᠪᠣᠯ ︽ᠲᠥᠰᠥᠪᠯᠡᠯ ᠢ ᠠᠳᠬᠤᠬᠤ᠂ ᠳᠠᠭᠠᠭᠠᠴᠢᠯᠠᠯᠲᠠ | ᠵᠠᠷᠯᠠᠬᠤ ᠶᠢ ᠠᠳᠬᠤᠬᠤ᠂ ᠰᠢᠯᠭᠠᠨ ᠠᠪᠬᠤ ᠶᠢ ᠠᠳᠬᠤᠬᠤ᠂ ᠬᠠᠮᠢᠶᠠᠷᠤᠨ ᠬᠠᠮᠠᠭᠠᠯᠠᠬᠤ ᠶᠢ ᠠᠳᠬᠤᠬᠤ︾᠂ ︽ᠭᠤᠷᠪᠠ ᠶᠢ ᠪᠠᠲᠤᠯᠠᠬᠤ︾ ᠪᠣᠯ ︽ᠪᠡᠯᠡ | ᠮᠥᠩᠭᠦᠨ ᠤ ᠪᠠᠲᠤᠯᠠᠭ᠎ᠠ᠂ ᠶᠠᠰᠤ ᠴᠢᠨᠠᠷ ᠤᠨ ᠪᠠᠲᠤᠯᠠᠭ᠎ᠠ᠂ ᠲᠣᠭᠲᠠᠴᠠ ᠶᠢᠨ ᠪᠠᠲᠤᠯᠠᠭ᠎ᠠ︾ ᠪᠣᠯᠣᠨ᠎ᠠ᠃ | ︵ᠨᠢᠭᠡ︶ ᠳᠥᠷᠪᠡ ᠶᠢ ᠲᠣᠭᠲᠠᠭᠠᠬᠤ᠃ ᠨᠢᠭᠡ ᠳᠤ ᠪᠠᠷᠢᠮᠵᠢᠶ᠎ᠠ ᠶᠢ ᠲᠣᠭᠲᠠᠭᠠᠬᠤ᠂ ᠲᠤᠬᠠᠶᠢᠯᠠᠪᠠᠯ ︽ᠨᠥᠬᠦᠪᠦᠷᠢ ᠥᠭᠬᠦ ᠪᠠᠷᠢᠮᠵᠢᠶ᠎ᠠ ᠶᠢ ᠵᠦᠢ | ᠵᠣᠬᠢᠰᠲᠠᠢ ᠲᠣᠭᠲᠠᠭᠠᠵᠤ︾᠂ ᠨᠢᠭᠡᠳᠦᠯᠲᠡᠢ ᠲᠥᠯᠥᠪᠯᠡᠬᠦ ᠪᠡᠯᠡ ᠮᠥᠩᠭᠦᠨ ᠤ ᠠᠷᠭ᠎ᠠ ᠵᠠᠮ ᠢ ᠲᠣᠳᠣᠷᠬᠠᠶᠢᠯᠠᠨ᠂ ᠬᠤᠲᠠ ᠰᠢᠶᠠᠨ ᠤ ᠢᠵᠢ ᠲᠥᠬᠦᠷ | ᠬᠠᠷᠢᠭᠤᠴᠠᠯᠭ᠎ᠠ ᠶᠢ ᠬᠦᠴᠦᠨ ᠦᠭᠡᠢ ᠪᠣᠯᠭᠠᠵᠤ᠂ ᠵᠦᠷᠢᠶᠡᠴᠢᠯᠡᠭᠰᠡᠨ ᠨᠥᠬᠦᠪᠦᠷᠢ ᠪᠠ ᠪᠡᠯᠡ ᠴᠤᠭᠯᠠᠭᠤᠯᠤᠨ ᠬᠥᠳᠡᠯᠮᠦᠷᠢ ᠣᠷᠣᠭᠤᠯᠬᠤ ᠶᠢ ᠬᠡᠷᠡᠭᠵᠢᠭᠦᠯᠦᠨ | ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠪᠠ ᠨᠡᠶᠢᠭᠡᠮ ᠤᠨ ᠬᠥᠷᠥᠩᠭᠡ ᠶᠢ ᠨᠡᠶᠢᠯᠡᠭᠦᠯᠦᠨ᠎ᠡ᠃ ᠬᠤᠶᠠᠷ ᠲᠤ ᠵᠠᠭᠪᠤᠷ ᠢ ᠲᠣᠭᠲᠠᠭᠠᠬᠤ᠂ | ᠲᠤᠬᠠᠶᠢᠯᠠᠪᠠᠯ ︽ᠨᠡᠮᠡᠭᠳᠡᠯ ᠭᠠᠵᠠᠷ ᠤᠨ ᠳᠠᠯᠳᠠ ᠬᠦᠴᠦᠨ ᠢ ᠠᠭᠤᠳᠠᠯᠵᠤ︾᠂ ︽ᠭᠤᠷᠪᠠ ᠶᠢ ᠬᠦᠴᠦᠨ ᠦᠭᠡᠢ ᠪᠣᠯᠭᠠᠬᠤ ᠲᠠᠪᠤ ᠶᠢ ᠨᠢᠭᠡᠳᠬᠡᠬᠦ ᠨᠢᠭᠡ ᠶᠢ | ᠰᠢᠨᠡᠳᠬᠡᠬᠦ︾ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠲᠣᠳᠣᠷᠬᠠᠢ ᠳᠡᠯᠭᠡᠷᠡᠭᠦᠯᠦᠨ᠂ ︽ᠪᠠᠭ᠎ᠠ ᠲᠠᠷᠢᠶ᠎ᠠ ᠶᠢ ᠶᠡᠭᠡ ᠲᠠᠷᠢᠶ᠎ᠠ ᠪᠣᠯᠭᠠᠬᠤ︾ ᠶᠢ | ᠪᠡᠶᠡᠯᠡᠭᠦᠯᠦᠨ᠎ᠡ᠃ ᠭᠤᠷᠪᠠ ᠳᠤ ᠬᠠᠷᠢᠭᠤᠴᠠᠯᠭ᠎ᠠ ᠶᠢ ᠲᠣᠭᠲᠠᠭᠠᠬᠤ᠂ ᠲᠤᠬᠠᠶᠢᠯᠠᠪᠠᠯ ︽ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ︾᠂ | ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠭᠤᠣᠯ ᠴᠣᠭᠴᠠ ᠪᠣᠯᠭᠠᠬᠤ ᠶᠢ ᠲᠣᠳᠣᠷᠬᠠᠶᠢᠯᠠᠨ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠠᠵᠢᠯ ᠲᠥᠷᠥᠯ ᠢ ᠬᠢᠨᠠᠨ ᠬᠠᠮᠢᠶᠠᠷᠴᠤ᠂ ᠣᠯᠠᠨ ᠲᠦᠮᠡᠨ ᠢ ᠤᠳᠤᠷᠢᠳᠤᠨ ᠵᠢᠯᠤᠭᠤᠳᠴᠤ | ᠣᠷᠣᠯᠴᠠᠭᠤᠯᠤᠨ᠎ᠠ᠃ ᠳᠥᠷᠪᠡ ᠳᠤ ᠱᠠᠩᠨᠠᠯ ᠢ ᠲᠣᠭᠲᠠᠭᠠᠬᠤ᠂ ᠲᠤᠬᠠᠶᠢᠯᠠᠪᠠᠯ ︽ᠱᠠᠩᠨᠠᠬᠤ ᠲᠣᠭᠲᠠᠴᠠ ᠶᠢ ᠪᠠᠶᠢᠭᠤᠯᠵᠤ︾᠂ ᠥᠪᠡᠷᠲᠡᠭᠡᠨ ᠵᠠᠰᠠᠬᠤ | ᠣᠷᠣᠨ ᠤ ᠲᠣᠰ ᠱᠠᠲᠤ ᠵᠢᠯ ᠪᠦᠷᠢ 2000 ᠲᠦᠮᠡᠨ ᠲᠥᠭᠦᠷᠢᠭ ᠲᠣᠬᠢᠷᠠᠭᠤᠯᠤᠨ᠂ ᠪᠦᠲᠦᠭᠡᠨ ᠪᠠᠶᠢᠭᠤᠯᠤᠭᠰᠠᠨ ᠦᠷ᠎ᠡ ᠪᠦᠲᠦᠮᠵᠢ ᠪᠠᠷ ᠰᠠᠶᠢᠨ | ᠬᠤᠰᠢᠭᠤ ᠰᠢᠶᠠᠨ ᠪᠠ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠶᠢ ᠱᠠᠩᠨᠠᠨ᠎ᠠ᠃ | ︵ᠬᠤᠶᠠᠷ︶ ᠳᠥᠷᠪᠡ ᠶᠢ ᠠᠳᠬᠤᠬᠤ᠃ ᠨᠢᠭᠡ ᠳᠤ ᠲᠥᠰᠥᠪᠯᠡᠯ ᠢ ᠠᠳᠬᠤᠬᠤ᠂ ᠲᠤᠬᠠᠶᠢᠯᠠᠪᠠᠯ ︽ᠡᠮᠦᠨᠡᠬᠢ ᠬᠤᠭᠤᠴᠠᠭᠠᠨ ᠤ ᠠᠵᠢᠯ ᠢ | ᠰᠢᠯᠢᠳᠡᠭᠵᠢᠭᠦᠯᠵᠦ︾᠂ ᠤᠷᠢᠳ ᠢᠶᠠᠷ ᠪᠦᠲᠦᠭᠡᠨ ᠪᠠᠶᠢᠭᠤᠯᠬᠤ ᠳᠠᠷᠠᠭᠠᠯᠠᠯ ᠢ ᠲᠣᠳᠣᠷᠬᠠᠶᠢᠯᠠᠨ᠂ ᠤᠷᠢᠳᠴᠢᠯᠠᠨ ᠲᠥᠰᠥᠪᠯᠡᠬᠦ ᠶᠢ ᠠᠬᠢᠭᠤᠯᠵᠤ᠂ ︽ᠤᠰᠤ | ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ︾ ᠶᠢ ᠪᠠᠷᠢᠮᠲᠠᠯᠠᠵᠤ᠂ ᠵᠥᠪᠰᠢᠶᠡᠷᠡᠯ ᠢ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠯ ᠢ ᠨᠡᠭᠡᠭᠡᠵᠦ᠂ ᠭᠠᠵᠠᠷ | ᠰᠣᠩᠭᠤᠬᠤ ᠲᠥᠰᠥᠪᠯᠡᠯ ᠢ ᠲᠣᠰᠬᠤᠨ ᠤ ᠠᠷᠠᠳ ᠤᠨ ᠬᠤᠷᠠᠯ ᠢᠶᠠᠷ ᠬᠢᠨᠠᠨ ᠲᠣᠭᠲᠠᠭᠠᠯᠭᠠᠬᠤ ᠶᠢ ᠱᠠᠭᠠᠷᠳᠠᠨ᠎ᠠ᠃ ᠬᠤᠶᠠᠷ ᠲᠤ ᠳᠠᠭᠠᠭᠠᠴᠢᠯᠠᠯᠲᠠ | ᠵᠠᠷᠯᠠᠬᠤ ᠶᠢ ᠠᠳᠬᠤᠬᠤ᠂ ᠲᠤᠬᠠᠶᠢᠯᠠᠪᠠᠯ ︽ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠵᠤ︾᠂ ᠪᠠᠷᠢᠯᠭ᠎ᠠ ᠶᠢᠨ ᠠᠵᠢᠯ ᠤᠨ | ᠳᠠᠭᠠᠭᠠᠴᠢᠯᠠᠯᠲᠠ ᠶᠢᠨ ᠬᠡᠰᠡᠭ ᠤᠨ ᠳᠣᠣᠷᠠᠳᠤ ᠬᠢᠵᠠᠭᠠᠷ ᠢ ᠲᠣᠳᠣᠷᠬᠠᠶᠢᠯᠠᠨ᠂ ᠡᠯᠧᠺᠳ᠋ᠷᠣᠨ ᠳᠠᠭᠠᠭᠠᠴᠢᠯᠠᠯᠲᠠ ᠵᠠᠷᠯᠠᠬᠤ᠂ ᠣᠨᠳᠣᠣ ᠭᠠᠵᠠᠷ ᠲᠤ | ᠳᠠᠭᠠᠭᠠᠴᠢᠯᠠᠯᠲᠠ ᠦᠨᠡᠯᠡᠬᠦ ᠪᠠ ᠥᠯᠢᠭᠡᠷ ᠬᠡᠪ ᠠᠪᠴᠤ ᠳᠠᠭᠠᠭᠠᠴᠢᠯᠠᠯᠲᠠ ᠵᠠᠷᠯᠠᠬᠤ ᠶᠢ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠨᠤᠭᠤᠳ ᠲᠤ ᠴᠣᠬᠢᠯᠲᠠ ᠥᠭᠭᠦᠨ᠎ᠡ᠃ ᠭᠤᠷᠪᠠ ᠳᠤ ᠰᠢᠯᠭᠠᠨ ᠠᠪᠬᠤ ᠶᠢ ᠠᠳᠬᠤᠬᠤ᠂ ᠲᠤᠬᠠᠶᠢᠯᠠᠪᠠᠯ ︽ᠰᠢᠯᠭᠠᠨ ᠠᠪᠴᠤ ᠬᠥᠮᠥᠷᠭᠡᠯᠡᠬᠦ ᠶᠢ | ᠵᠢᠷᠤᠮᠵᠢᠭᠤᠯᠵᠤ︾᠂ ᠡᠯ᠎ᠡ ᠱᠠᠲᠤᠨ ᠤ ᠰᠢᠯᠭᠠᠨ ᠠᠪᠬᠤ ᠬᠠᠷᠢᠴᠠᠯ ᠢ ᠨᠡᠮᠡᠭᠳᠡᠭᠦᠯᠦᠨ᠂ ᠱᠠᠲᠤ ᠬᠤᠪᠢᠶᠠᠨ ᠵᠢᠷᠤᠭᠴᠢᠯᠠᠨ ᠬᠥᠮᠥᠷᠭᠡᠯᠡᠵᠦ᠂ ᠬᠢᠷᠢ ᠲᠡᠩᠴᠡᠬᠦ | ᠦᠭᠡᠢ ᠶᠢ ᠨᠢ ᠬᠤᠰᠢᠭᠤ ᠰᠢᠶᠠᠨ ᠥᠪᠡᠷ ᠢᠶᠠᠨ ᠨᠥᠬᠦᠵᠦ ᠪᠠᠶᠢᠭᠤᠯᠤᠨ᠎ᠠ᠃ ᠳᠥᠷᠪᠡ ᠳᠤ ᠬᠠᠮᠢᠶᠠᠷᠴᠤ ᠬᠠᠮᠠᠭᠠᠯᠠᠬᠤ ᠶᠢ ᠠᠳᠬᠤᠬᠤ᠂ ᠲᠤᠬᠠᠶᠢᠯᠠᠪᠠᠯ | ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠶᠢ ᠲᠣᠳᠣᠷᠬᠠᠶᠢᠯᠠᠵᠤ᠂ ︽ᠬᠡᠨ ᠬᠡᠷᠡᠭᠯᠡᠪᠡᠯ ᠬᠡᠨ | ᠬᠠᠮᠢᠶᠠᠷᠴᠤ ᠬᠠᠮᠠᠭᠠᠯᠠᠨ︾᠂ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ ᠣᠯᠠᠨ ᠬᠡᠯᠪᠡᠷᠢ ᠪᠠᠷ ᠴᠤᠭᠯᠠᠭᠤᠯᠵᠤ᠂ ᠬᠤᠳᠳᠤᠭ ᠤᠨ ᠳᠠᠷᠤᠭ᠎ᠠ ᠶᠢᠨ ᠳᠦᠷᠢᠮ | ᠂ ᠲᠠᠷᠢᠶᠠᠨ ᠭᠠᠵᠠᠷ ᠤᠨ ᠳᠠᠷᠤᠭ᠎ᠠ ᠶᠢᠨ ᠳᠦᠷᠢᠮ᠂ ᠴᠠᠬᠢᠯᠭᠠᠨ ᠬᠦᠴᠦᠨ ᠤ ᠪᠡᠯᠡᠳᠬᠡᠮᠵᠢ ᠶᠢ ᠲᠥᠪᠯᠡᠷᠡᠭᠦᠯᠦᠨ ᠬᠠᠮᠢᠶᠠᠷᠴᠤ ᠬᠠᠮᠠᠭᠠᠯᠠᠬᠤ ᠵᠡᠷᠭᠡ ᠬᠠᠮᠢᠶᠠᠷᠴᠤ | ᠬᠠᠮᠠᠭᠠᠯᠠᠬᠤ ᠵᠠᠭᠪᠤᠷ ᠤᠳ ᠢ ᠳᠡᠯᠭᠡᠷᠡᠭᠦᠯᠦᠨ᠎ᠡ᠃ | ︵ᠭᠤᠷᠪᠠ︶ ᠭᠤᠷᠪᠠᠨ ᠪᠠᠲᠤᠯᠠᠭ᠎ᠠ᠃ ᠨᠢᠭᠡ ᠳᠤ ᠪᠡᠯᠡ ᠮᠥᠩᠭᠦᠨ ᠤ ᠪᠠᠲᠤᠯᠠᠭ᠎ᠠ᠂ ᠳᠠᠷᠤᠢ ︽ᠪᠡᠯᠡ ᠮᠥᠩᠭᠦᠨ ᠤ ᠬᠠᠮᠢᠶᠠᠷᠤᠯᠲᠠ ᠶᠢ | ᠴᠢᠩᠭᠠᠳᠬᠠᠵᠤ︾᠂ ᠲᠥᠰᠥᠯ ᠤᠨ ᠪᠡᠯᠡ ᠣᠷᠣᠭᠤᠯᠤᠯᠲᠠ ᠶᠢ ︽ᠨᠢᠭᠡ ᠭᠠᠵᠠᠷ ᠢ ᠨᠢᠭᠡ ᠵᠥᠪᠯᠡᠵᠦ︾᠂ ᠠᠷᠭ᠎ᠠ ᠬᠡᠮᠵᠢᠶᠡᠨ ᠤ ᠲᠣᠬᠢᠷᠠᠭᠤᠯᠤᠯᠲᠠ ᠳᠤ ︽ | ᠶᠠᠭᠤ ᠳᠤᠲᠠᠪᠠᠯ ᠶᠠᠭᠤ ᠶᠢ ᠨᠥᠬᠦᠪᠦᠷᠢᠯᠡᠵᠦ︾᠂ ᠲᠤᠰᠠᠭᠠᠷ ᠵᠠᠷᠤᠳᠠᠯ ᠤᠨ ᠳᠡᠭᠡᠳᠦ ᠬᠢᠵᠠᠭᠠᠷ ᠢ ᠴᠢᠩᠭ᠎ᠠ ᠡᠵᠡᠮᠳᠡᠨ᠂ ᠠᠬᠢᠴᠠ ᠶᠢᠨ ᠶᠣᠰᠣᠭᠠᠷ | ᠪᠠᠷᠢᠯᠭ᠎ᠠ ᠶᠢᠨ ᠵᠣᠭᠤᠰ ᠢ ᠱᠠᠲᠤ ᠬᠤᠪᠢᠶᠠᠨ ᠥᠭᠭᠦᠨ᠎ᠡ᠃ ᠬᠤᠶᠠᠷ ᠲᠤ ᠶᠠᠰᠤ ᠴᠢᠨᠠᠷ ᠤᠨ ᠪᠠᠲᠤᠯᠠᠭ᠎ᠠ᠂ ᠲᠤᠬᠠᠶᠢᠯᠠᠪᠠᠯ ︽ᠪᠦᠲᠦᠭᠡᠨ ᠪᠠᠶᠢᠭᠤᠯᠤᠯᠲᠠ ᠶᠢᠨ | ᠶᠠᠰᠤ ᠴᠢᠨᠠᠷ ᠢ ᠪᠠᠲᠤᠯᠠᠵᠤ︾᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠥᠪᠡᠷ ᠤᠨ ᠱᠠᠭᠠᠷᠳᠠᠯᠭ᠎ᠠ ᠪᠠ ᠣᠯᠠᠨ | ᠲᠦᠮᠡᠨ ᠤ ᠬᠢᠨᠠᠯᠲᠠ ᠲᠠᠯᠪᠢᠯᠲᠠ ᠪᠠᠷ ᠳᠠᠮᠵᠢᠭᠤᠯᠤᠨ ︽ᠨᠢᠭᠡ ᠶᠢ ᠪᠠᠶᠢᠭᠤᠯᠪᠠᠯ ᠨᠢᠭᠡ ᠶᠢ ᠪᠦᠲᠦᠭᠡᠨ᠎ᠡ︾᠃ ᠭᠤᠷᠪᠠ ᠳᠤ ᠲᠣᠭᠲᠠᠴᠠ ᠶᠢᠨ ᠪᠠᠲᠤᠯᠠᠭ᠎ᠠ᠂ | ᠲᠤᠬᠠᠶᠢᠯᠠᠪᠠᠯ ︽ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ︾᠂ ᠲᠠᠷᠢᠶᠠᠨ ᠭᠠᠵᠠᠷ ᠲᠤ ᠴᠠᠬᠢᠯᠭᠠᠨ ᠬᠠᠩᠭᠠᠬᠤ ᠢᠨᠵᠧᠨᠧᠷᠢᠩ ᠤᠨ ︽ | ᠪᠠᠶᠢᠭᠤᠯᠬᠤ ᠬᠠᠮᠢᠶᠠᠷᠬᠤ ᠡᠵᠡᠩᠨᠡᠬᠦ︾ ᠶᠢ ᠨᠢᠭᠡ ᠴᠣᠭᠴᠠᠵᠢᠭᠤᠯᠬᠤ ᠶᠢ ᠳᠡᠯᠭᠡᠷᠡᠭᠦᠯᠵᠦ᠂ ᠠᠵᠢᠯ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠶᠢ | ᠬᠡᠷᠡᠭᠵᠢᠭᠦᠯᠦᠨ᠂ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠵᠦ᠂ ᠰᠢᠨ᠎ᠡ | ᠮᠡᠷᠭᠡᠵᠢᠯ᠂ ᠰᠢᠨ᠎ᠡ ᠵᠠᠭᠪᠤᠷ ᠤᠨ ᠣᠯᠠᠰᠢᠷᠠᠬᠤ ᠶᠢ ᠠᠬᠢᠭᠤᠯᠤᠨ᠎ᠠ᠃ | ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠢ ᠵᠡᠷᠭᠡ ᠳᠤ ᠨᠢ ᠬᠦᠴᠦᠨ | ᠦᠭᠡᠢ ᠪᠣᠯᠭᠠᠨ᠎ᠠ᠃ | |