ᠦᠰᠦᠭ ᠪᠢᠴᠢᠭ ᠢᠶᠠᠷ ᠦᠬᠦᠯᠡᠬᠦᠢ᠄  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ︾ ᠦᠨᠳᠦᠰᠦᠲᠡᠨ ᠤ ᠪᠦᠯᠬᠦᠮᠳᠡᠯ ᠤᠨ ᠮᠡᠳᠡᠯᠭᠡ  ︵  ᠭᠤᠷᠪᠠ︶
ᠨᠡᠶᠢᠲᠡᠯᠡᠭᠰᠡᠨ ᠴᠠᠭ᠄
2024/5/9
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠤᠨ᠎ᠠ᠃     1᠂ ᠶᠡᠷᠦᠩᠬᠡᠢ ᠱᠦᠵᠢ ᠱᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠣ ᠨᠢᠭᠡ ᠴᠣᠭᠴᠠ ᠶᠢᠨ  ᠪᠠᠶᠢᠷᠢᠰᠢᠯ ᠤᠨ ᠲᠤᠬᠠᠢ ᠲᠣᠮᠢᠶᠠᠯᠠᠯ ᠪᠣᠯ︖ ᠮᠠᠨ ᠤ ᠤᠯᠤᠰ ᠤᠨ ᠡᠯ᠎ᠡ ᠦᠨᠳᠦᠰᠦᠲᠡᠨ ᠲᠠᠷᠬᠠᠴᠠ ᠶᠢᠨ ᠲᠠᠯ᠎ᠠ ᠪᠠᠷ ᠰᠣᠯᠪᠢᠴᠠᠭᠰᠠᠨ ᠰᠠᠭᠤᠷᠢᠰᠢᠯ᠂ ᠰᠣᠶᠣᠯ ᠤᠨ ᠲᠠᠯ᠎ᠠ ᠪᠠᠷ ᠬᠤᠯᠢᠯᠳᠤᠨ ᠣᠷᠣᠰᠢᠬᠤ ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠲᠦᠰᠢᠭᠯᠡᠬᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ ᠣᠶᠢᠷᠠᠲᠤᠬᠤ᠂ ᠲᠠᠨ ᠤ ᠳᠣᠲᠣᠷ᠎ᠠ ᠪᠢ ᠪᠠᠶᠢᠬᠤ᠂ ᠮᠢᠨᠦ ᠳᠣᠲᠣᠷ᠎ᠠ ᠴᠢ ᠪᠠᠶᠢᠬᠤ᠂ ᠬᠡᠨ ᠴᠤ ᠬᠡᠨ ᠤ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠠᠴᠠ ᠰᠠᠯᠵᠤ ᠴᠢᠳᠠᠬᠤ ᠦᠭᠡᠢ ᠶᠤᠮ᠃    2. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠭᠤᠷᠪᠠᠨ ᠤᠬᠠᠮᠰᠠᠷ︾ ᠢ ᠴᠢᠩᠭᠠᠳᠬᠠᠬᠤ ᠬᠡᠳᠡᠭ ᠨᠢ ᠶᠠᠭᠤ ᠪᠣᠢ︖   ᠤᠯᠤᠰ ᠤᠨ ᠤᠬᠠᠮᠰᠠᠷ᠂ ᠢᠷᠭᠡᠳ ᠤᠨ ᠤᠬᠠᠮᠰᠠᠷ ᠪᠣᠯᠤᠨ ᠬᠠᠤᠯᠢ ᠪᠠᠷ ᠵᠠᠰᠠᠬᠤ ᠤᠬᠠᠮᠰᠠᠷ᠃    3. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠲᠦᠷᠪᠡ ᠶᠢ ᠬᠠᠮᠲᠤᠳᠬᠠᠬᠤ︾ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠳᠡᠭ ᠨᠢ ᠶᠠᠭᠤ ᠪᠣᠢ︖    ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠵᠡᠷᠭᠡ ᠪᠣᠯᠤᠨ᠎ᠠ᠃    4. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾ ᠶᠢ ᠪᠠᠲᠤᠳᠬᠠᠬᠤ ᠬᠡᠳᠡᠭ ᠨᠢ ᠶᠠᠭᠤ ᠪᠤᠢ︖     ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠪᠠᠲᠤᠳᠬᠠᠨ᠎ᠠ᠃    5᠂ ᠳᠣᠮᠲᠠᠲᠤ ᠶᠢᠨ ᠣᠢᠠᠲᠣᠰᠣᠲᠠᠨ ᠤ ᠬᠠᠮᠲᠤ ᠶᠢᠨ ᠴᠣᠬᠴᠠ ᠶᠢᠨ ᠣᠬᠠᠮᠰᠡᠷ ᠢ ᠪᠠᠭᠢᠵᠢᠭᠦᠯᠵᠤ᠂   ︽ᠭᠤᠷᠪᠠᠨ ᠰᠠᠯᠵᠤ ᠴᠢᠳᠠᠬᠤ ᠦᠭᠡᠢ︾ ᠭᠡᠳᠡᠭ ᠢ ᠪᠠᠲᠤ ᠪᠠᠬᠢ ᠪᠤᠢ ᠪᠣᠯᠭᠠᠭᠰᠠᠨ ᠨᠢ ᠶᠠᠭᠤ ᠶᠢ ᠵᠢᠭᠠᠵᠤ ᠪᠠᠶᠢᠨ᠎ᠠ ︖     ᠬᠢᠲᠠᠳ ᠦᠨᠳᠦᠰᠦᠲᠡᠨ ᠨᠢ ᠴᠦᠬᠡᠨ ᠲᠣᠭᠠᠲᠣ ᠦᠨᠳᠦᠰᠦᠲᠡᠨ ᠠᠴᠠ ᠰᠠᠯᠵᠤ ᠴᠢᠳᠠᠬᠤ ᠦᠭᠡᠢ︔ ᠴᠥᠭᠡᠩᠬᠢ ᠲᠣᠭᠠᠲᠣ ᠦᠨᠳᠦᠰᠦᠲᠡᠨ ᠨᠢ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠬᠤᠭᠤᠷᠣᠨᠳᠣ ᠪᠠᠨ ᠰᠠᠯᠵᠤ ᠴᠢᠳᠠᠬᠤ ᠦᠭᠡᠢ᠃     6 . ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠦᠵᠡᠯᠲᠡ ᠶᠢᠨ ︽ᠳᠦᠷᠪᠡᠨ ᠬᠠᠮᠲᠤ ᠪᠠᠷ︾ ᠬᠡᠳᠡᠭ ᠨᠢ  ᠶᠠᠭᠤ ᠶᠢ ᠵᠢᠭᠠᠵᠤ ᠪᠠᠶᠢᠨ᠎ᠠ  ᠮᠠᠨ ᠤ ᠥᠷᠭᠡᠨ ᠠᠭᠤᠳᠠᠮ ᠨᠤᠲᠤᠭ ᠳᠡᠪᠢᠰᠬᠡᠷ ᠢ ᠦᠨᠳᠦᠰᠦᠲᠡᠨ ᠨᠦᠭᠦᠳ ᠬᠠᠮᠲᠤ ᠪᠠᠷ ᠨᠡᠭᠡᠭᠡᠭᠰᠡᠨ ᠶᠤᠮ︔ ᠮᠠᠨ ᠤ ᠥᠨᠢ ᠤᠳᠠᠭᠠᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠶᠤᠮ︔ ᠮᠠᠨ ᠤ ᠭᠡᠷᠡᠯ ᠰᠠᠴᠤᠷᠠᠩᠭᠤᠢ ᠰᠣᠶᠣᠯ ᠢ ᠦᠨᠳᠦᠰᠦᠲᠡᠨ ᠨᠦᠭᠦᠳ ᠬᠠᠮᠲᠤ ᠪᠠᠷ ᠡᠭᠦᠳᠦᠨ ᠪᠦᠲᠦᠭᠡᠭᠰᠡᠨ ᠶᠤᠮ︔ ᠮᠠᠨ ᠤ ᠠᠭᠤᠤ ᠶᠡᠭᠡ ᠵᠣᠷᠢᠭ ᠰᠠᠨᠠᠭ᠎ᠠ ᠶᠢ ᠦᠨᠳᠦᠰᠦᠲᠡᠨ ᠨᠦᠭᠦᠳ ᠬᠠᠮᠲᠤ ᠪᠠᠷ  ᠪᠣᠶᠢᠵᠢᠭᠤᠯᠣᠭᠰᠠᠨ ᠶᠤᠮ᠃    7 . ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠵᠥᠪ ︽ᠲᠠᠪᠤᠨ ᠦᠵᠡᠯᠲᠡ︾ ᠶᠢ ᠪᠤᠢ ᠪᠣᠯᠭᠠᠬᠤ ᠭᠡᠳᠡᠭ ᠨᠢ ᠶᠠᠭᠤ ᠶᠢ ᠵᠢᠭᠠᠵᠤ ᠪᠠᠶᠢᠨ᠎ᠠ︖ᠤᠯᠤᠰ ᠣᠷᠣᠨ ᠤ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ    8 . ᠦᠨᠳᠦᠰᠦᠲᠡᠨ ᠤ ᠠᠵᠢᠯ ᠤᠨ ︽ᠭᠤᠷᠪᠠᠨ ᠬᠠᠷᠢᠴᠠᠭ᠎ᠠ︾ ᠭᠡᠳᠡᠭ ᠨᠢ︖ᠦᠨᠳᠦᠰᠦᠲᠡᠨ ᠤ ᠠᠵᠢᠯ ᠪᠣᠯ ᠨᠠᠮ ᠪᠠ ᠤᠯᠤᠰ ᠤᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠮᠠᠨ ᠤ ᠤᠯᠤᠰ ᠰᠢᠭ  ᠨᠢᠭᠡᠨ ᠤᠯᠠᠨ ᠦᠨᠳᠦᠰᠦᠲᠡᠨ ᠪᠦᠬᠦᠢ ᠨᠢᠭᠡᠳᠦᠭᠰᠡᠨ ᠤᠯᠤᠰ ᠲᠤ ᠦᠨᠳᠦᠰᠦᠲᠡᠨ ᠤ ᠠᠵᠢᠯ ᠤᠨ ᠠᠮᠵᠢᠯᠲᠠ ᠤᠯᠬᠤ ᠡᠰᠡᠬᠦ ᠨᠢ ᠡᠬᠡ ᠣᠷᠣᠨ ᠤ ᠨᠢᠭᠡᠳᠦᠯ ᠪᠠ ᠬᠢᠯᠢ ᠬᠢᠵᠠᠭᠠᠷ ᠤᠨ ᠪᠠᠬᠢᠵᠢᠯ ᠳᠤ ᠬᠤᠯᠪᠣᠭᠳᠠᠵᠤ ᠪᠠᠶᠢᠳᠠᠭ︔ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠲᠠᠢ ᠬᠤᠯᠪᠣᠭᠳᠠᠨ᠎ᠠ︔ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠨ᠎ᠠ᠃    9 . ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠣᠭᠴᠠᠯᠠᠵᠤ᠂ ︽ᠳᠥᠷᠪᠡᠨ  ᠵᠠᠶᠢᠯᠠᠰᠢ ᠦᠭᠡᠢ ᠱᠠᠭᠠᠷᠳᠠᠯᠭ᠎ᠠ︾ ᠶᠢᠨ ᠪᠣᠳᠠᠲᠠᠶ ᠠᠭᠤᠯᠭ᠎ᠠ ᠪᠣᠯ ︖ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠬᠤ ᠪᠣᠯ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ︔ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ︔ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ  ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ︔ ᠨᠠᠮ ᠤᠨ ᠦᠨᠳᠦᠰᠦᠲᠡᠨ ᠤ ᠠᠵᠢᠯ ᠤᠨ ᠰᠢᠨ᠎ᠡ  ᠪᠠᠶᠢᠳᠠᠯ ᠢ ᠨᠡᠭᠡᠭᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃    10 . ᠶᠠᠭᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠨᠡᠭᠡᠭᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠵᠦ ᠬᠡᠯᠡᠵᠦ  ᠪᠠᠶᠢᠬᠤ ᠪᠤᠢ︖ᠭᠠᠭᠴᠠ ᠬᠦ ᠴᠠᠭ ᠦᠶ᠎ᠡ ᠶᠢᠨ ᠬᠤᠪᠢᠷᠠᠯᠲᠠ ᠶᠢ ᠳᠠᠭᠠᠵᠤ᠂ ᠨᠡᠶᠢᠲᠡᠯᠢᠭ ᠴᠢᠨᠠᠷ ᠢ ᠨᠡᠮᠡᠭᠳᠡᠭᠦᠯᠬᠦ ᠴᠢᠭᠯᠡᠯ ᠢᠶᠠᠷ ᠦᠨᠳᠦᠰᠦᠲᠡᠨ ᠤ ᠠᠵᠢᠯ ᠢ ᠰᠠᠶᠢᠵᠢᠷᠠᠭᠤᠯᠵᠣ ᠂ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠤᠪᠢᠰᠤᠩᠭᠤᠶ ᠨᠢᠭᠡᠳᠦᠯ᠂ ᠦᠨᠳᠦᠰᠦᠲᠡᠨ ᠤ ᠡᠯᠧᠮᠧᠨ᠋ᠲ ᠪᠠ ᠣᠷᠣᠨ ᠪᠦᠰᠡ ᠶᠢᠨ ᠡᠯᠧᠮᠧᠨ᠋ᠲ ᠢ ᠣᠷᠭᠠᠨᠢᠭ ᠢᠶᠠᠷ ᠤᠶᠠᠯᠳᠤᠭᠤᠯᠪᠠᠯ  ᠰᠠᠶ᠋ᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠨᠠᠷᠢᠯᠢᠭ ᠪᠥᠭᠡᠳ ᠯᠠᠪᠳᠠᠭᠤᠨ ᠪᠠᠲᠤᠲᠠᠶ ᠬᠢᠵᠦ ᠴᠢᠳᠠᠨ᠎ᠠ᠃       ᠢᠷᠠᠯᠲᠠ᠄ ᠮᠣᠨᠠ ᠠᠭᠤᠯᠠ ᠪᠠᠯᠭᠠᠰᠣᠨ ᠤ ᠨᠠᠮ ᠤᠨ ᠪᠠᠶᠢᠭᠤᠯᠤᠯᠲᠠ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ