ᠬᠢᠨᠠᠨ ᠪᠣᠳᠣᠬᠤ ᠲᠣᠪᠴᠢᠶ᠎ᠠ
ᠨᠡᠶᠢᠲᠡᠯᠡᠭᠰᠡᠨ ᠴᠠᠭ᠄
2024/5/9
ᠨᠢᠭᠡ᠂ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ    ᠤᠷᠠᠳ ᠤᠨ ᠡᠮᠦᠨᠡᠲᠦ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠤᠷᠠᠳ ᠤᠨ ᠡᠮᠦᠨᠡᠲᠦ ᠬᠤᠰᠢᠭᠤᠨ ᠤ ᠨᠠᠮ ᠵᠠᠰᠠᠭ ᠤᠨ ᠲᠣᠮᠣ ᠠᠰᠠᠷ ᠤᠨ 8 ᠳ᠋ᠤᠭᠠᠷ ᠠᠰᠠᠷ ᠤᠨ ᠪᠠᠷᠠᠭᠤᠨ ᠲᠠᠯ᠎ᠠ ᠳᠤ ᠪᠠᠶᠢᠷᠢᠯᠠᠵᠤ᠂ ᠨᠡᠶᠢᠲᠡ 17 ᠠᠯᠪᠠᠨ ᠬᠡᠷ ᠲᠠᠢ ᠪᠠᠶᠢᠵᠤ᠂ ᠡᠵᠡᠯᠡᠬᠦ ᠲᠠᠯᠠᠪᠠᠶ ᠨᠢ 664 ᠲᠡᠭᠰᠢ ᠳᠥᠷᠪᠡᠯᠵᠢᠨ ᠮᠧᠲᠷ᠂ ᠪᠠᠶᠢᠭᠤᠯᠤᠮᠵᠢ ᠶᠢᠨ ᠰᠢᠨᠵᠢ ᠴᠢᠨᠠᠷ ᠨᠢ ᠤᠯᠤᠰ ᠤᠨ ᠪᠠᠶᠢᠭᠤᠯᠭ᠎ᠠ ᠳᠤ ᠬᠠᠷᠢᠶᠠᠯᠠᠭᠳᠠᠵᠤ᠂ 12 ᠣᠷᠣᠨ ᠲᠤᠭ᠎ᠠ ᠲᠠᠢ ᠪᠠᠶᠢᠵᠤ᠂ ᠡᠭᠦᠨ ᠳᠤ ᠵᠠᠰᠠᠭ ᠵᠠᠬᠢᠷᠭᠠᠨ ᠤ ᠣᠷᠣᠨ ᠲᠤᠭ᠎ᠠ ᠳᠤ 11 ᠬᠥᠮᠦᠨ᠂ ᠠᠵᠢᠯ ᠠᠴᠠ ᠪᠠᠨ ᠰᠠᠯᠵᠤ ᠠᠮᠠᠷᠠᠭᠰᠠᠨ 25 ᠬᠥᠮᠦᠨ ᠪᠣᠶ᠃ ᠬᠤᠶᠠᠷ᠂ ᠨᠢᠭᠡᠴᠢ ᠶᠢᠨ ᠭᠤᠣᠯ ᠡᠭᠦᠷᠭᠡ ᠬᠠᠷᠢᠭᠤᠴᠠᠯᠭ᠎ᠠ     ︵ᠨᠢᠭᠡ︶ ᠪᠥᠬᠦ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠳᠤ ᠨᠡᠶᠢᠴᠡᠬᠦ ᠪᠠ ᠦᠷ᠎ᠡ ᠠᠰᠢᠭ ᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠣᠯᠠᠨ ᠨᠡᠶᠢᠲᠡ ᠶᠢᠨ ᠪᠠᠯᠠ ᠮᠥᠩᠭᠦ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠤᠯᠤᠰ ᠤᠨ ᠥᠮᠴᠢᠯᠡᠯᠲᠦ ᠡᠬᠢ ᠪᠠᠶᠠᠯᠢᠭ ᠪᠠ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠪᠤᠳᠤᠯᠲᠠ ᠶᠢ ᠨᠡᠶᠢᠳᠡᠮ ᠬᠡᠷᠡᠭᠵᠢᠭᠦᠯᠵᠦ᠂ ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ ᠰᠠᠯᠬᠤ ᠪᠠᠶᠢᠳᠠᠯ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠯᠲᠠ ᠶᠢ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠨ ᠪᠤᠳᠤᠯᠲᠠ ᠬᠢᠨ᠎ᠠ᠃ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠢᠨᠠᠨ ᠪᠤᠳᠤᠭᠰᠠᠨ᠂ ᠲᠤᠰᠬᠠᠶ ᠵᠦᠢᠯ ᠢᠶᠠᠷ ᠬᠢᠨᠠᠨ ᠪᠤᠳᠤᠭᠰᠠᠨ ᠪᠠ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃     ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠢᠨᠠᠨ ᠪᠤᠳᠤᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠢ  ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠶ ᠮᠡᠷᠭᠡᠵᠢᠯ ᠤᠨ ᠬᠦᠷᠢᠶᠡᠨ ᠳᠠᠬᠢ ᠬᠢᠨᠠᠨ ᠪᠤᠳᠤᠬᠤ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠥᠬᠦ ᠬᠤᠰᠢᠭᠤᠨ ᠤ ᠡᠳ᠋ ᠤᠨ ᠵᠠᠰᠠᠭ ᠠᠵᠤ ᠠᠬᠤᠶ ᠵᠢᠴᠢ ᠲᠡᠭᠦᠨ ᠤ ᠬᠠᠮᠢᠶ᠎ᠠ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠰᠢᠭᠤᠳ ᠬᠢᠨᠠᠨ ᠪᠤᠳᠤᠭᠰᠠᠨ᠂ ᠪᠠᠶᠢᠴᠠᠭᠠᠭᠰᠠᠨ ᠪᠠ ᠬᠠᠷᠭᠤᠭᠤᠯᠤᠨ ᠪᠠᠶᠢᠴᠠᠭᠠᠭᠰᠠᠨ ᠵᠦᠢᠯᠡᠰ ᠲᠤ ᠬᠠᠤᠯᠢ ᠶᠣᠰᠣᠭᠠᠷ ᠬᠢᠨᠠᠨ ᠪᠤᠳᠤᠬᠤ ᠦᠨᠡᠯᠡᠯᠲᠡ ᠬᠢᠵᠦ᠂ ᠬᠢᠨᠠᠨ ᠪᠤᠳᠤᠬᠤ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠬᠤ ᠰᠠᠨᠠᠭᠤᠯᠭ᠎ᠠ  ᠲᠣᠷᠠᠳᠣᠨ᠎ᠠ᠃    ︵ᠭᠤᠷᠪᠠ︶ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠳᠤ ᠣᠨ ᠤ ᠬᠤᠰᠢᠭᠤᠨ ᠤ ᠲᠣᠰ ᠱᠠᠲᠤᠨ ᠤ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠮᠡᠳᠡᠭᠦᠯᠦᠯᠲᠡ ᠳᠤᠷᠠᠳᠤᠨ᠎ᠠ᠃ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠳᠤ ᠣᠨ ᠤ ᠲᠣᠰ ᠱᠠᠲᠤᠨ ᠤ ᠲᠥᠰᠦᠪ ᠢ ᠭᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠢᠳᠠᠯ ᠤᠨ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠳᠤᠷᠠᠳᠤᠨ᠎ᠠ᠃ ᠬᠤᠰᠢᠭᠤᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠤᠰᠢᠭᠤᠨ ᠲᠣᠰ ᠱᠠᠲᠤᠨ ᠤ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠬᠤ ᠠᠵᠢᠯ ᠤᠨ ᠮᠡᠳᠡᠭᠦᠯᠦᠯᠲᠡ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠳᠤᠷᠠᠳᠤᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠪᠤᠰᠤᠳ ᠤᠴᠢᠷ ᠶᠠᠪᠤᠳᠠᠯ ᠤᠨ ᠲᠤᠬᠠᠶ ᠬᠢᠨᠠᠨ ᠪᠤᠳᠤᠭᠰᠠᠨ ᠪᠠ ᠲᠤᠰᠬᠠᠶ ᠬᠢᠨᠠᠨ ᠪᠤᠳᠤᠭᠰᠠᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ᠃ ᠬᠢᠨᠠᠨ ᠪᠣᠳᠣᠭᠰᠠᠨ ᠦᠷ᠎ᠡ ᠳ᠋ᠦᠩ ᠢ ᠨᠡᠶᠢᠭᠡᠮ ᠨᠡᠶᠢᠲᠡ ᠳᠤ ᠬᠠᠤᠯᠢ ᠶᠣᠰᠣᠭᠠᠷ  ᠨᠡᠶᠢᠲᠡᠯᠡᠨ᠎ᠡ᠃ ᠬᠤᠰᠢᠭᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ᠂ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠬᠢᠨᠠᠨ ᠪᠤᠳᠤᠭᠰᠠᠨ ᠪᠠᠶᠢᠳᠠᠯ ᠪᠠ ᠬᠢᠨᠠᠨ ᠪᠤᠳᠤᠭᠰᠠᠨ ᠦᠷ᠎ᠡ ᠳ᠋ᠦᠩ ᠢ ᠮᠡᠳᠡᠭᠳᠡᠨ᠎ᠡ᠃    ︵ᠳᠥᠷᠪᠡ︶᠂ ᠳᠣᠤᠷ᠎ᠠ ᠵᠢᠭᠰᠠᠭᠠᠭᠰᠠᠨ ᠵᠦᠢᠯᠡᠰ ᠢ ᠰᠢᠭᠤᠳ ᠬᠢᠨᠠᠨ ᠪᠣᠳᠣᠵᠤ ᠬᠢᠨᠠᠨ ᠪᠣᠳᠣᠭᠰᠠᠨ ᠮᠡᠳᠡᠭᠦᠯᠦᠯᠲᠡ ᠭᠠᠷᠭᠠᠵᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ ᠪᠣᠳᠣᠭᠰᠠᠨ ᠲᠣᠭᠲᠠᠭᠠᠯ  ᠭᠠᠷᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠠᠮᠢᠶ᠎ᠠ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠬᠦ᠂ ᠲᠥᠰᠦᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠄ ᠡᠯ᠎ᠡ  ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠠᠰᠠᠭ ᠤᠨ ᠣᠷᠳᠣᠨ ᠤ ᠲᠥᠰᠦᠪ ᠢ ᠬᠡᠷᠡᠭᠵᠢᠭᠦᠯᠬᠦ᠂ ᠲᠥᠰᠦᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ︔ ᠳᠡᠭᠡᠳᠦ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠰᠢᠯᠵᠢᠭᠦᠯᠦᠨ ᠥᠭᠬᠦ ᠨᠢᠭᠡᠴᠢ ᠪᠠ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠ ᠡᠯ᠎ᠡ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠᠷ ᠭᠤᠤᠯ ᠪᠣᠯᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ ᠲᠥᠰᠦᠪ ᠤᠨ ᠭᠦᠢᠴᠡᠳᠬᠡᠯ᠂ ᠴᠢᠬᠤᠯᠠ ᠶᠡᠭᠡ ᠣᠯᠠᠨ ᠨᠡᠶᠢᠲᠡ ᠶᠢᠨ ᠢᠨᠵᠧᠨᠧᠷᠢᠩ ᠤᠨ ᠲᠥᠷᠥᠯ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠪᠠ ᠪᠥᠲᠥᠭᠡᠨ ᠪᠠᠶᠢᠭᠤᠯᠤᠯᠲᠠ ᠠᠵᠢᠯᠯᠠᠭᠠᠨ ᠤ ᠪᠠᠶᠢᠳᠠᠯ︔ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢ ᠬᠠᠮᠠᠭᠠᠯᠠᠭᠰᠠᠨ ᠪᠠ ᠵᠠᠰᠠᠨ ᠰᠡᠷᠭᠦᠭᠡᠭᠰᠡᠨ ᠪᠠᠶᠢᠳᠠᠯ︔ ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠬᠤᠰᠢᠭᠤᠨ ᠤ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠨᠢ ᠬᠤᠪᠢ ᠡᠵᠡᠮᠳᠡᠭᠰᠡᠨ ᠪᠤᠶᠤ ᠭᠤᠤᠯᠯᠠᠬᠤ ᠪᠠᠶᠢᠷᠢ ᠶᠢ ᠡᠵᠡᠯᠡᠭᠰᠡᠨ ᠠᠵᠤ ᠠᠬᠤᠶᠢᠯᠠᠯ ᠤᠨ ᠡᠳ᠋ ᠬᠥᠷᠥᠩᠭᠡ᠂ ᠥᠷᠢ ᠥᠭᠴᠡᠭᠡ ᠪᠠ ᠠᠰᠢᠭ ᠣᠯᠵᠠᠪᠤᠷᠢ᠂ ᠬᠤᠯᠪᠣᠭᠳᠠᠯ ᠪᠥᠬᠦᠶ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠠᠴᠠ ᠪᠠᠯᠠ ᠮᠥᠩᠭᠦ ᠪᠠ ᠪᠤᠰᠤᠳ ᠰᠠᠭᠤᠷᠢ ᠮᠥᠩᠭᠦ᠂ ᠪᠠᠯᠠ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠲᠥᠷᠥᠯ ᠵᠦᠢᠯ︔ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠵᠦᠢᠯᠡᠰ᠃   ︵ᠲᠠᠪᠤ︶ ᠲᠣᠭᠲᠠᠭᠠᠯ ᠶᠣᠰᠣᠭᠠᠷ ᠰᠢᠶᠠᠩ ᠤᠨ ᠰᠠᠯᠠᠭᠠᠨ ᠤ ᠲᠠᠰ ᠤᠨ ᠨᠠᠮ ᠵᠠᠰᠠᠭ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠭᠤᠤᠯ ᠤᠳᠤᠷᠢᠳᠬᠤ ᠺᠠᠳ᠋ᠷ ᠵᠢᠴᠢ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠲᠠᠨ ᠳᠤ ᠠᠵᠤ ᠠᠬᠤᠶ ᠶᠢᠨ ᠬᠠᠷᠢᠭᠤᠴᠠᠯᠭ᠎ᠠ ᠳᠤ ᠬᠢᠨᠠᠨ ᠪᠣᠳᠣᠯᠲᠠ ᠬᠢᠬᠦ ᠪᠠ ᠲᠤᠰᠢᠶᠠᠯ ᠠᠴᠠ ᠪᠠᠨ ᠰᠠᠯᠬᠤ ᠦᠶ᠎ᠡ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠣᠳᠣᠬᠤ ᠶᠢ ᠬᠡᠷᠡᠭᠵᠢᠭᠦᠯᠦᠨ᠎ᠡ᠃    ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠵᠢᠴᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠰᠠᠨ ᠵᠦᠢᠯᠡᠰ ᠲᠤ ᠲᠤᠰᠬᠠᠶ ᠬᠢᠨᠠᠨ ᠪᠤᠳᠤᠯᠳᠠ ᠶᠢᠨ ᠪᠠᠶᠢᠴᠠᠭᠠᠯᠲᠠ ᠬᠢᠨ᠎ᠠ᠃    ︵ᠳᠤᠯᠤᠭ᠎ᠠ︶ ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠤᠳᠤᠯᠲᠠ ᠶᠢᠨ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠬᠢᠨᠠᠨ ᠪᠤᠳᠤᠯᠲᠠ ᠶᠢ ᠬᠦᠯᠢᠶᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ ᠲᠣᠭᠲᠠᠭᠠᠯ ᠤᠨ ᠵᠠᠰᠠᠭ ᠵᠠᠬᠢᠷᠭᠠᠨ ᠤ ᠵᠠᠷᠭᠤ ᠪᠤᠶᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠲᠠᠰᠤᠯᠤᠯᠲᠠ ᠳᠤ ᠳᠡᠪᠰᠢᠭᠦᠯᠬᠦ ᠬᠤᠯᠪᠣᠭᠳᠠᠯ ᠪᠥᠬᠦᠶ ᠵᠦᠢᠯᠡᠰ ᠢ ᠬᠠᠤᠯᠢ ᠶᠣᠰᠣᠭᠠᠷ ᠰᠢᠢᠳᠪᠦᠷᠢᠯᠡᠨ᠎ᠡ︔ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠥᠬᠦᠶ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃     ︵ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠢᠨᠠᠨ ᠪᠤᠳᠤᠬᠤ ᠬᠢᠨᠠᠯᠲᠠ ᠲᠠᠯᠪᠢᠬᠤ ᠡᠲᠡᠭᠡᠳ ᠤᠨ ᠨᠢᠭᠡᠴᠡ ᠳᠤ ᠭᠠᠷᠭᠠᠭᠰᠠᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠤᠯᠢ ᠶᠣᠰᠣᠭᠠᠷ ᠬᠠᠷᠭᠤᠭᠤᠯᠤᠨ ᠪᠠᠶᠢᠴᠠᠭᠠᠨ᠎ᠠ᠃     ︵ᠶᠢᠰᠦ︶ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠢᠨᠠᠨ ᠪᠤᠳᠤᠬᠤ ᠪᠠᠶᠢᠭᠤᠯᠭ᠎ᠠ ᠶᠢᠨ ᠤᠳᠤᠷᠢᠳᠤᠯᠭ᠎ᠠ ᠳᠣᠤᠷ᠎ᠠ ᠬᠢᠨᠠᠨ ᠪᠤᠳᠤᠬᠤ ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠ︶ ᠬᠤᠰᠢᠭᠤᠨ ᠤ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠨᠢᠭᠡ︶ ᠡᠭᠦᠷᠭᠡ ᠴᠢᠳᠠᠪᠤᠷᠢ ᠶᠢ ᠬᠤᠪᠢᠷᠠᠭᠤᠯᠣᠨ᠎ᠠ᠃ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠠᠬᠢᠭᠤᠯᠤᠨ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠤᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠨ᠂ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠳᠣᠲᠣᠭᠠᠳᠤ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠬᠢᠨᠠᠨ ᠪᠤᠳᠤᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠨᠢᠭᠡᠳᠦᠭᠡᠷ ᠹᠷᠣᠨᠲ ᠤᠨ ᠬᠢᠨᠠᠨ ᠪᠤᠳᠤᠬᠤ ᠬᠦᠴᠦᠨ ᠢ ᠲᠡᠭᠦᠯᠳᠡᠷᠵᠢᠭᠦᠯᠵᠦ᠂ ᠨᠢᠭᠡᠳᠦᠯᠲᠡᠶ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠥᠨᠳᠥᠷ ᠪᠦᠲᠦᠮᠵᠢᠲᠡᠶ ᠬᠢᠨᠠᠨ ᠪᠤᠳᠤᠵᠤ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠎ᠠ᠃ ᠬᠢᠨᠠᠨ ᠪᠤᠳᠤᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠨᠠᠯᠲᠠ ᠲᠠᠯᠪᠢᠬᠤ ᠶᠢ ᠪᠠᠷᠢᠮᠲᠠᠯᠠᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠳᠣᠲᠣᠭᠠᠳᠤ ᠶᠢᠨ ᠬᠢᠨᠠᠨ ᠪᠤᠳᠤᠬᠤ ᠪᠠ ᠨᠡᠶᠢᠭᠡᠮ ᠤᠨ ᠬᠢᠨᠠᠨ ᠪᠤᠳᠤᠬᠤ ᠬᠦᠴᠦᠨ ᠢ ᠭᠦᠢᠴᠡᠳ ᠳᠠᠶᠢᠴᠢᠯᠠᠨ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶ᠎ᠠ ᠶᠢᠨ ᠴᠢᠬᠤᠯᠠ ᠶᠡᠭᠡ ᠲᠥᠷᠥᠯ ᠵᠦᠢᠯ ᠢ ᠪᠠᠶᠢᠴᠠᠭᠠᠬᠤ ᠡᠭᠦᠷᠭᠡ ᠬᠠᠷᠢᠭᠤᠴᠠᠯᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠶᠢ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ᠃   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ