ᠮᠠᠨ ᠤ ᠤᠷᠤᠨ ᠭᠤᠤᠯ ᠪᠤᠯᠬᠤ ᠵᠠᠮ ᠱᠤᠭᠤᠮ ᠤᠨ ᠭᠠᠯᠳᠤ ᠲᠡᠷᠬᠡ ᠶᠢᠨ ᠠᠶᠠᠯᠠᠯ ᠳᠤ ᠲᠤᠬᠢᠷᠠᠭᠤᠯᠤᠯᠳᠠ ᠬᠢᠬᠦ ᠪᠠᠷ ᠪᠤᠢ
ᠨᠡᠶᠢᠲᠡᠯᠡᠭᠰᠡᠨ ᠴᠠᠭ᠄
2024/6/11
    ᠪᠠᠷᠠᠭᠠᠨ ᠤ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠴᠢᠨᠠᠬᠰᠢᠳᠠ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠡᠷᠭᠢᠯᠲᠡ ᠳᠤ ᠤᠯᠠᠮ ᠰᠠᠶᠢᠨ ᠦᠢᠯᠡᠴᠢᠯᠡᠬᠦ ᠶᠢᠨ ᠲᠥᠯᠥᠭᠡ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ 6 ᠰᠠᠷ᠎ᠠ ᠶᠢᠨ 15 ᠤ ᠡᠳᠦᠷ ᠠᠴᠠ ᠡᠬᠢᠯᠡᠨ ᠪᠥᠬᠦ ᠤᠯᠤᠰ ᠤᠨ ᠲᠡᠮᠦᠷ ᠵᠠᠮ ᠤᠨ ᠰᠠᠯᠠᠭ᠎ᠠ ᠮᠦᠴᠢᠷ ᠯᠦᠭᠡ ᠢᠵᠢᠯ ᠠᠯᠬᠤᠮ ᠢᠶᠠᠷ ᠭᠠᠯᠲᠤ ᠲᠡᠷᠭᠡᠨ ᠤ ᠰᠢᠨ᠎ᠡ ᠠᠶᠠᠯᠠᠯ ᠤᠨ ᠵᠢᠷᠤᠭ ᠢ ᠬᠡᠷᠡᠭᠵᠢᠭᠦᠯᠵᠦ᠂ ᠣᠷᠭᠢᠯ ᠱᠤᠭᠤᠮ ᠤᠨ ᠭᠠᠯᠲᠤ ᠲᠡᠷᠭᠡ ᠶᠢᠨ ᠠᠶᠠᠯᠠᠯ ᠤᠨ ᠲᠥᠰᠦᠯ ᠢ ᠰᠢᠯᠢᠳᠡᠭᠵᠢᠭᠦᠯᠬᠦ ᠪᠤᠯᠤᠨ᠎ᠠ᠃   ᠲᠣᠰ ᠤᠳᠠᠭ᠎ᠠ ᠶᠢᠨ ᠲᠣᠬᠢᠷᠠᠭᠤᠯᠤᠯᠲᠠ ᠳᠤ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠬᠥᠬᠡᠬᠤᠲᠠ — ᠢᠷᠭᠠᠶ ᠬᠦᠷᠬᠦ K193/4 ᠡᠬᠡᠯᠵᠢ ᠶᠢᠨ ᠠᠶᠠᠨᠴᠢᠳ ᠤᠨ ᠭᠠᠯᠲᠤ ᠲᠡᠷᠭᠡ ᠶᠢ 1 ᠬᠤᠤᠰ ᠰᠢᠨ᠎ᠠ ᠪᠠᠷ ᠨᠡᠮᠡᠵᠤ᠂ ᠦᠬᠠᠶ ᠶᠢᠨ ᠪᠠᠷᠠᠭᠤᠨ ᠦᠷᠲᠡᠭᠡ — ᠰᠢ ᠠᠨ ᠬᠦᠷᠬᠦ K1686/7᠂ K1688/5 ᠡᠭᠡᠯᠵᠢ ᠶᠢᠨ ᠭᠠᠯᠲᠤ ᠲᠡᠷᠭᠡ ᠶᠢ ᠪᠠᠷᠠᠭᠤᠨᠰᠢ ᠪᠦᠦ ᠵᠢᠶ ᠬᠦ᠋ᠷᠲᠡᠯ᠎ᠠ ᠤᠷᠲᠤᠳᠬᠠᠨ᠂ ᠰᠢᠶᠠᠨ ᠶᠠᠩ᠂ ᠦ᠋ ᠬᠥᠩ᠂ ᠶᠠᠩ ᠯᠢᠩ᠂ ᠼᠠᠢ ᠵᠢᠶᠠ ᠫᠦᠤᠤ᠂ ᠪᠦᠦ ᠵᠢᠶ ᠵᠡᠷᠭᠡ ᠥᠷᠲᠡᠭᠡ ᠶᠢ ᠨᠡᠮᠡᠵᠦ᠂ ᠥᠪᠥᠷ ᠮᠣᠩᠭᠤᠯ ᠱᠠᠨᠰᠢ ᠬᠤᠶᠠᠷ ᠭᠠᠵᠠᠷ ᠤᠨ ᠠᠶᠠᠨᠴᠢᠳ ᠲᠤ ᠤᠯᠠᠮ ᠲᠥᠬᠦᠮ ᠦᠵᠡᠭᠦᠯᠤᠨ᠎ᠠ︔ ᠬᠥᠬᠡᠬᠤᠲᠠ — ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠤᠨ ᠬᠦᠳᠡᠯᠭᠡᠭᠦ ᠬᠦᠴᠦᠨᠲᠤ ᠭᠠᠯᠲᠤ ᠲᠡᠷᠭᠡᠨ ᠤ ᠠᠶᠠᠯᠠᠯ ᠤᠨ ᠶᠠᠰᠤ ᠴᠢᠨᠠᠷ ᠢ ᠤᠯᠠᠮ ᠴᠢᠨᠠᠬᠰᠢᠳᠠ ᠳᠡᠭᠡᠭᠰᠢᠯᠡᠭᠦᠯᠬᠦ ᠪᠠᠷ 3 ᠬᠤᠤᠰ ᠡᠶ᠎ᠡ ᠵᠣᠬᠢᠴᠠᠯ ᠨᠡᠷᠡᠮᠵᠢᠲᠦ ︽D︾ ᠥᠰᠥᠭᠲᠤ ᠬᠦᠳᠡᠯᠭᠡᠭᠦ ᠬᠦᠴᠦᠨᠲᠤ ᠭᠠᠯᠲᠤ ᠲᠡᠷᠭᠡ ᠶᠢ ᠰᠡᠷᠭᠦᠨ ᠮᠠᠨᠳᠤᠯᠲᠠ ᠨᠡᠷᠡᠮᠵᠢᠲᠦ ︽G︾ ᠦᠰᠦᠭᠲᠤ ᠬᠦᠳᠡᠯᠭᠡᠭᠦ ᠬᠦᠴᠦᠨᠲᠤ ᠭᠠᠯᠲᠤ ᠲᠡᠷᠭᠡ ᠪᠣᠯᠭᠠᠨ ᠰᠢᠯᠢᠳᠡᠭᠵᠢᠭᠦᠯᠦᠨ᠎ᠡ︔ ᠬᠥᠬᠡᠬᠤᠲᠠ — ᠣᠷᠳᠣᠰ ᠬᠦ᠋ᠷᠬᠦ ᠭᠠᠷᠠᠭ ᠤᠨ ᠰᠡᠭᠦᠯᠴᠢ ᠶᠢᠨ ᠬᠤᠲᠠ ᠶᠢᠨ ᠬᠤᠭᠤᠷᠣᠨᠳᠣᠬᠢ ᠬᠦᠳᠡᠯᠭᠡᠭᠦ ᠬᠦᠴᠦᠨᠲᠤ ᠭᠠᠯᠲᠤ ᠲᠡᠷᠭᠡ ᠶᠢ 1 ᠬᠤᠤᠰ ᠨᠡᠮᠡᠵᠤ᠂ ᠭᠠᠷᠠᠭ ᠪᠦᠷᠢ ᠶᠢᠨ ᠲᠠᠪᠤᠨ᠂ ᠵᠢᠷᠭᠤᠭᠠᠨ᠂ ᠡᠳᠦᠷ ᠵᠢᠴᠢ ᠠᠶᠠᠨᠴᠢᠳ ᠤᠨ ᠣᠷᠭᠢᠯ ᠬᠤᠭᠤᠴᠠᠭᠠᠨ ᠳᠤ ᠠᠶᠠᠯᠠᠭᠤᠯᠤᠨ᠎ᠠ︔ ᠬᠥᠬᠡᠬᠤᠲᠠ — ᠯᠢᠨ ᠾᠧ ᠬᠦᠷᠬᠦ ᠬᠤᠲᠠ ᠶᠢᠨ ᠬᠤᠭᠤᠷᠣᠨᠳᠣᠬᠢ ᠬᠦᠳᠡᠯᠭᠡᠭᠦ ᠬᠦᠴᠦᠨᠲᠤ ᠭᠠᠯᠲᠤ ᠲᠡᠷᠭᠡ ᠶᠢ 1 ᠬᠤᠣᠰ ᠨᠡᠮᠡᠵᠤ᠂ ᠣᠷᠭᠢᠯ ᠬᠤᠭᠤᠴᠠᠭ᠎ᠠ ᠪᠠ ᠬᠠᠯᠠᠮᠰᠢᠯ ᠣᠷᠣᠨ ᠪᠦᠰᠡ ᠶᠢᠨ ᠬᠤᠭᠤᠷᠣᠨᠳᠣᠬᠢ ᠵᠦᠭᠡᠭᠡᠪᠦᠷᠢ ᠶᠢ ᠪᠠᠲᠤᠯᠠᠬᠤ ᠪᠠᠷ ᠪᠤᠢ᠃    ᠤᠶᠢᠯᠠᠭᠠᠭᠰᠠᠨ ᠢᠶᠠᠷ᠂ ᠲᠣᠰ ᠤᠳᠠᠭ᠎ᠠ ᠶᠢᠨ ᠲᠣᠬᠢᠷᠠᠭᠤᠯᠤᠯᠲᠠ ᠳᠤ ᠲᠦᠷᠬᠡᠨ ᠤ ᠲᠡᠮᠦᠷ ᠵᠠᠮ ᠤᠨ ᠡᠳ᠋ ᠪᠠᠷᠠᠭᠠᠨ ᠤ ᠭᠦᠢᠯᠭᠡᠭᠡ ᠶᠢᠨ ᠲᠣᠭᠤᠷᠢᠭ ᠢ ᠤᠯᠠᠮ ᠥᠷᠭᠡᠳᠭᠡᠬᠦ ᠶᠢᠨ ᠲᠥᠯᠥᠭᠡ ᠲᠣᠪᠴᠢᠶ᠎ᠠ ᠠᠯᠤᠰᠯᠠᠭᠰᠠᠨ ᠪᠠᠷᠠᠭᠠᠨ ᠤ ᠭᠠᠯᠲᠤ ᠲᠡᠷᠭᠡ ᠶᠢ 2 ᠡᠭᠡᠯᠵᠢ ᠨᠡᠮᠡᠵᠦ᠂ ᠨᠡᠶᠢᠲᠡ 27 ᠪᠤᠯᠭᠠᠨ᠎ᠠ᠃ ᠡᠭᠦᠨ ᠳᠤ ᠳᠤᠮᠳᠠᠳᠤ ᠧᠦ᠋ᠷᠣᠫᠠ ︵ᠳᠤᠮᠳᠠ ᠠᠽᠢᠶ᠎ᠠ︶ ᠶᠢᠨ ᠡᠭᠡᠯᠵᠢ ᠶᠢᠨ ᠭᠠᠯᠲᠤ ᠲᠡᠷᠭᠡ ᠶᠢ 21᠂ ᠬᠤᠲᠠ ᠶᠢᠨ ᠬᠤᠭᠤᠷᠣᠨᠳᠣᠬᠢ ᠡᠩ ᠤᠨ ᠭᠠᠯᠲᠤ ᠲᠡᠷᠭᠡ ᠶᠢ 2 ᠡᠭᠡᠯᠵᠢ᠂ ᠡᠩ ᠤᠨ ᠣᠯᠠᠨ ᠬᠡᠯᠪᠡᠷᠢ ᠶᠢᠨ ᠬᠠᠮᠲᠤᠷᠠᠭᠰᠠᠨ ᠭᠠᠯᠲᠤ ᠲᠡᠷᠭᠡ ᠶᠢ 4 ᠡᠭᠡᠯᠵᠢ ᠪᠤᠯᠭᠠᠬᠤ ᠪᠠᠷ ᠪᠤᠢ᠃ ᠪᠠᠰᠠ ᠭᠤᠣᠯᠳᠠᠯᠭ᠎ᠠ ᠲᠠᠢ ᠪᠠᠷᠠᠭᠠᠨ ᠤ ᠲᠡᠭᠡᠭᠡᠪᠦᠷᠢ ᠶᠢᠨ ᠳᠠᠯᠳᠠ ᠬᠦᠴᠦᠨ ᠢ ᠠᠭᠤᠳᠠᠯᠵᠤ᠂ ᠯᠢᠨ ᠾᠧ — ᠷᠧᠨ ᠴᠢᠦ ᠬᠦᠷᠬᠦ ᠴᠢᠯᠠᠭᠤᠨ ᠲᠣᠰᠣᠨ ᠤ ᠲᠡᠭᠡᠭᠡᠪᠦᠷᠢ ᠶᠢᠨ ᠭᠠᠯᠲᠤ ᠲᠡᠷᠭᠡ ᠶᠢ 1 ᠡᠭᠡᠯᠵᠢ ᠰᠢᠨ᠎ᠡ ᠪᠠᠷ ᠨᠡᠮᠡᠵᠤ᠂ ᠲᠣᠪᠴᠢᠶ᠎ᠠ ᠠᠯᠤᠰᠯᠠᠭᠰᠠᠨ ᠶᠡᠭᠡ ᠬᠡᠮᠵᠢᠶᠡᠨ ᠤ ᠪᠠᠷᠠᠭ᠎ᠠ ᠶᠢᠨ ᠰᠢᠭᠤᠳ ᠬᠦᠷᠬᠦ ᠭᠠᠯᠲᠤ ᠲᠡᠷᠭᠡ ᠶᠢ 59 ᠪᠤᠯᠭᠠᠨ᠂ ᠪᠠᠷᠠᠭᠠᠨ ᠤ ᠲᠡᠭᠡᠭᠡᠪᠦᠷᠢ ᠶᠢᠨ ᠦᠢᠯᠡᠳᠬᠦᠨ ᠤ ᠬᠠᠩᠭᠠᠯᠭ᠎ᠠ ᠶᠢ ᠰᠢᠯᠢᠳᠡᠭᠵᠢᠭᠦᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠰᠠᠭᠠᠳ ᠦᠭᠡᠶ ᠨᠡᠪᠲᠡᠷᠡᠭᠦᠯᠬᠦ ᠳᠤ ᠬᠦᠴᠦᠨ ᠨᠡᠮᠡᠷᠢᠯᠡᠬᠦ ᠪᠤᠯᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ