ᠲᠦᠭᠡᠮᠡᠯ ᠬᠠᠷᠠᠭᠠᠯᠵᠠᠯᠲᠤ ᠳᠠᠭᠠᠳᠬᠠᠯ ᠪᠣᠯ ᠳᠤᠮᠳᠠᠳᠤ ᠤᠯᠤᠰ ᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠴᠢᠬᠤᠯᠠ ᠪᠦᠷᠢᠯᠳᠦᠬᠦᠨ | ᠬᠡᠰᠡᠭ ᠮᠥᠨ᠃ ᠡᠮᠦᠨᠡᠬᠡᠨ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠷᠢᠮ ᠲᠣᠭᠲᠠᠭᠠᠯ ᠢ ᠬᠦᠴᠦᠯᠡᠨ ᠲᠡᠭᠦᠯᠳᠡᠷᠵᠢᠭᠦᠯᠬᠦ ᠶᠢᠨ ᠬᠠᠮᠲᠤ ᠬᠦᠴᠦᠲᠡᠶ ᠲᠥᠷᠥ ᠶᠢᠨ ᠪᠣᠳᠣᠯᠭ᠎ᠠ ᠪᠠᠷ | ᠳᠡᠮᠵᠢᠵᠦ᠂ ᠳᠠᠭᠠᠳᠬᠠᠯ ᠤᠨ ᠦᠢᠯᠡᠰ ᠤᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠡᠵᠡᠩᠨᠡᠯᠲᠡ ᠶᠢᠨ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠪᠡ᠃ | ᠠᠷᠠᠳ ᠢᠷᠭᠡᠳ ᠤᠨ ︽ᠣᠯᠵᠤ ᠬᠤᠳᠠᠯᠳᠤᠨ ᠠᠪᠬᠤ︾ ︽ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ ᠪᠠᠲᠤᠯᠠᠨ᠎ᠠ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠨᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠲᠤᠬᠠᠶᠢᠯᠠᠭᠰᠠᠨ ᠠᠵᠢᠯ ᠢᠶᠠᠨ ᠢᠳᠡᠪᠬᠢᠲᠡᠶ ᠥᠷᠨᠢᠭᠦᠯᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ | ᠥᠬᠡᠶ ᠭᠦᠨᠵᠡᠭᠡᠶᠢᠷᠡᠭᠦᠯᠦᠨ᠂ ᠦᠢᠯᠡᠳᠬᠦᠨ ᠤ ᠲᠥᠷᠥᠯ ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠨᠡᠶᠢᠭᠡᠮ ᠤᠨ ᠬᠠᠮᠤᠷᠬᠤ ᠬᠡᠪᠴᠢᠶ᠎ᠡ ᠶᠢ | ᠠᠯᠬᠤᠮ ᠠᠯᠬᠤᠮ ᠢᠶᠠᠷ ᠥᠷᠭᠡᠳᠭᠡᠭᠰᠡᠨ ᠠᠴᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠪᠦᠬᠦᠯᠢ ᠴᠣᠭᠴᠠ ᠲᠣᠭᠲᠠᠭᠤᠨ ᠢᠶᠠᠷ ᠬᠥᠭᠵᠢᠬᠦ | ᠬᠠᠨᠳᠤᠰᠢ ᠲᠠᠢ ᠪᠣᠯᠵᠠᠶ᠃ ᠭᠡᠪᠡᠴᠦ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠦᠢᠯᠡᠴᠢᠯᠡᠭᠡᠨ ᠤ ᠥᠷᠭᠡᠴᠡ ᠬᠦᠷᠦᠯᠴᠡᠬᠦ ᠥᠬᠡᠶ᠂ | ᠶᠠᠰᠤ ᠴᠢᠨᠠᠷ ᠰᠠᠶᠢᠨ ᠪᠢᠰᠢ᠂ ᠰᠢᠨ᠎ᠡ ᠶᠢ ᠡᠭᠦᠳᠬᠦ ᠪᠠᠷ ᠭᠦᠢᠴᠡᠳ ᠪᠣᠰᠤ ᠵᠡᠷᠭᠡ ᠠᠰᠠᠭᠤᠳᠠᠯ ᠤᠳ ᠮᠥᠨ ᠬᠦ ᠣᠷᠣᠰᠢᠵᠤ ᠪᠠᠶᠢᠨ᠎ᠠ ᠭᠡᠵᠡᠢ᠃ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠰᠠᠨᠠᠯ︾ ᠳᠤ ᠬᠡᠳᠦᠨ ᠦᠨᠳᠦᠰᠦᠨ | ᠵᠠᠷᠴᠢᠮ ᠢ ᠲᠣᠳᠣᠷᠬᠠᠶᠢᠯᠠᠪᠠ᠄ | ᠥᠷᠭᠡᠨ ᠬᠡᠪᠴᠢᠶ᠎ᠡ ᠪᠠᠷ ᠬᠠᠮᠤᠷᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠪᠣᠯᠤᠮᠵᠢᠲᠤ ᠴᠢᠨᠠᠷ ᠢ ᠳᠡᠭᠡᠭᠰᠢᠯᠡᠭᠦᠯᠦᠨ᠎ᠡ᠃ | ᠳᠠᠭᠠᠳᠬᠠᠯ ᠤᠨ ᠦᠢᠯᠡᠳᠬᠦᠨ ᠢ ᠪᠠᠷᠢᠮᠵᠢᠶᠠᠵᠢᠭᠤᠯᠬᠤ᠂ ᠬᠢᠯᠪᠠᠷᠵᠢᠭᠤᠯᠬᠤ᠂ ᠳᠥᠭᠦᠮᠴᠢᠯᠡᠬᠦ ᠶᠢ ᠠᠬᠢᠭᠤᠯᠵᠤ᠂ ᠦᠢᠯᠡᠴᠢᠯᠡᠭᠡᠨ ᠤ ᠳᠥᠭᠦᠮ ᠳᠥᠲᠡ | ᠴᠢᠨᠠᠷ ᠢ ᠳᠡᠭᠡᠭᠰᠢᠯᠡᠭᠦᠯᠦᠨ᠂ ᠠᠷᠠᠳ ᠣᠯᠠᠨ ᠤ ᠳᠠᠭᠠᠳᠬᠠᠯ ᠢ ︽ᠣᠯᠵᠤ ᠬᠤᠳᠠᠯᠳᠤᠨ ᠠᠪᠬᠤ︾ ᠶᠢ ᠦᠨᠡᠨ ᠬᠦ ᠪᠠᠲᠤᠯᠠᠨ᠎ᠠ᠃ | ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠡᠭᠦᠷᠭᠡᠯᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠬᠦᠮᠦᠰ ᠲᠤ ᠬᠢ ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠲᠥᠷᠥ ᠶᠢᠨ | ᠪᠣᠳᠣᠯᠭ᠎ᠠ᠂ ᠡᠬᠢ ᠪᠠᠶᠠᠯᠢᠭ ᠤᠨ ᠬᠡᠯᠪᠠᠶᠢᠯᠲᠡ ᠶᠢ ᠡᠷᠴᠢᠮᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠷᠠᠭᠤᠯᠵᠤ᠂ | ᠡᠵᠡᠩᠨᠡᠯᠲᠡ ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠳ ᠣᠯᠠᠨ ᠤ ᠳᠠᠭᠠᠳᠬᠠᠯ ︽ᠬᠤᠳᠠᠯᠳᠤᠨ ᠠᠪᠴᠤ ᠳᠡᠶᠢᠯᠬᠦ︾ ᠶᠢ | ᠦᠨᠡᠨ ᠬᠦ ᠪᠠᠲᠤᠯᠠᠨ᠎ᠠ᠃ | ᠲᠥᠪ ᠭᠤᠣᠯᠴᠢ ᠦᠨᠡᠨᠴᠢ ᠢᠲᠡᠭᠡᠮᠵᠢᠲᠡᠢ ᠪᠠᠶᠢᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠳᠬᠦᠨ ᠤ ᠪᠠᠲᠤᠯᠠᠭ᠎ᠠ ᠶᠢᠨ ᠰᠢᠨᠵᠢ ᠴᠢᠨᠠᠷ ᠢ | ᠳᠡᠭᠡᠭᠰᠢᠯᠡᠭᠦᠯᠦᠨ᠎ᠡ᠃ ᠨᠡᠶᠢᠭᠡᠮ ᠨᠡᠶᠢᠲᠡ ᠶᠢᠨ ᠳᠠᠭᠠᠳᠬᠠᠯ ᠤᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠭᠡᠷ᠎ᠡ ᠶᠢᠨ ᠵᠣᠷᠢᠭ ᠰᠠᠨᠠᠭ᠎ᠠ ᠪᠠ ᠦᠨᠡᠨᠴᠢ | ᠢᠲᠡᠭᠡᠮᠵᠢ ᠶᠢᠨ ᠰᠣᠶᠣᠯ ᠢ ᠪᠤᠶᠢᠵᠢᠭᠤᠯᠬᠤ ᠬᠡᠷᠡᠭᠲᠡᠶ᠃ ᠲᠦᠯᠦᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ | ᠰᠠᠶᠢᠵᠢᠷᠠᠭᠤᠯᠵᠤ᠂ ᠬᠠᠤᠯᠢ ᠲᠣᠭᠲᠠᠭᠠᠯ ᠳᠤ ᠨᠡᠶᠢᠴᠡᠭᠰᠡᠨ ︽ᠲᠦᠯᠦᠪᠦᠷᠢ ᠳᠤ ᠬᠠᠨᠤᠮᠵᠢᠲᠠᠢ ᠪᠠᠶᠢᠬᠤ︾ ᠶᠢ ᠦᠨᠡᠨ ᠬᠦ ᠠᠬᠢᠭᠤᠯᠤᠨ᠎ᠠ᠃ | ᠯᠠᠪᠳᠠᠭᠤᠨ ᠪᠠᠲᠤᠲᠠᠢ ᠪᠠᠷ ᠠᠵᠢᠯᠯᠠᠭᠤᠯᠬᠤ ᠶᠢ ᠪᠠᠷᠢᠮᠲᠠᠯᠠᠵᠤ᠂ ᠳᠠᠭᠠᠳᠬᠠᠯ ᠤᠨ ᠡᠵᠡᠩᠨᠡᠯᠲᠡ ᠶᠢᠨ ᠦᠷᠭᠦᠯᠵᠢᠯᠡᠬᠦ᠋ᠢᠴᠡ ᠴᠢᠨᠠᠷ ᠢ ᠳᠡᠭᠡᠭᠰᠢᠯᠡᠭᠦᠯᠦᠨ᠎ᠡ | ᠃ ᠳᠠᠭᠠᠳᠬᠠᠯ ᠤᠨ ᠡᠵᠡᠩᠨᠡᠯᠲᠡ ᠶᠢᠨ ᠵᠢᠮ᠎ᠡ ᠶᠣᠰᠣ ᠶᠢ ᠡᠵᠡᠮᠳᠡᠵᠦ᠂ ᠦᠢᠯᠡᠳᠬᠦᠨ ᠤ ᠦᠨ᠎ᠡ ᠲᠣᠭᠲᠠᠭᠠᠵᠤ ᠡᠭᠡᠭᠦᠯᠦᠨ ᠮᠥᠷᠳᠡᠬᠦ ᠵᠠᠳᠠᠯᠤᠯᠲᠠ ᠶᠢ | ᠴᠢᠩᠭᠠᠷᠠᠭᠤᠯᠵᠤ᠂ ᠤᠷᠲᠤ ᠬᠤᠭᠤᠴᠠᠭᠠᠨ ᠤ ᠦᠶᠡᠯᠡᠯ ᠤᠨ ᠦᠨᠡᠯᠡᠨ ᠵᠢᠱᠢᠵᠦ ᠬᠢᠨᠠᠨ ᠰᠢᠯᠭᠠᠬᠤ ᠶᠢ ᠡᠷᠴᠢᠮᠵᠢᠭᠦᠯᠵᠦ᠂ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠣᠷᠳᠣ ᠬᠤᠭᠤᠴᠠᠭᠠᠨ ᠤ ᠡᠷᠡᠭᠦᠯ ᠬᠥᠭᠵᠢᠯᠲᠡ ᠶᠢ ᠠᠬᠢᠭᠤᠯᠤᠨ᠎ᠠ᠃ | ᠲᠥᠪ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠳᠠᠭᠠᠳᠬᠠᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠲᠤᠤ ᠼᠦᠨ | ᠸᠧᠨ ᠲᠣᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ ︽ᠰᠠᠨᠠᠯ︾ ᠤᠨ ᠨᠡᠶᠢᠲᠡᠯᠡᠭᠳᠡᠭᠰᠡᠨ ᠨᠢ ᠲᠥᠭᠡᠮᠡᠯ ᠬᠠᠷᠠᠭᠠᠯᠵᠠᠯᠲᠤ ᠳᠠᠭᠠᠳᠬᠠᠯ ᠤᠨ | ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠳᠠᠬᠢ ᠴᠢᠬᠤᠯᠠ ᠪᠠᠶᠢᠷᠢ ᠰᠠᠭᠤᠷᠢ ᠶᠢ ᠢᠯᠡᠷᠡᠭᠦᠯᠪᠡ᠃ ︽ᠰᠠᠨᠠᠯ︾ ᠳᠤ ᠳᠤᠷᠠᠳᠤᠭᠰᠠᠨ ᠵᠠᠷᠴᠢᠮ᠂ | ᠬᠠᠷᠠᠯᠲᠠ᠂ ᠠᠷᠭ᠎ᠠ ᠬᠡᠮᠵᠢᠶ᠎ᠡ ᠨᠢ ᠥᠩᠭᠡᠷᠡᠭᠰᠡᠨ ᠤ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠷᠰᠢᠯᠲᠠ ᠶᠢᠨ ᠶᠠᠪᠤᠴᠠ ᠳᠠᠬᠢ ᠲᠤᠷᠰᠢᠯᠭ᠎ᠠ ᠨᠤᠭᠤᠳ ᠢ | ᠰᠢᠰᠲ᠋ᠧᠮ ᠲᠠᠢ ᠳ᠋ᠦᠩᠨᠡᠨ ᠰᠢᠩᠭᠡᠭᠡᠨ ᠠᠪᠴᠤ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠳᠤ ᠲᠥᠷᠥ ᠶᠢᠨ | ᠪᠣᠳᠣᠯᠭ᠎ᠠ ᠶᠢᠨ ᠠᠰᠢᠭ ᠨᠡᠮᠡᠷᠢᠯᠡᠭᠰᠡᠨ ᠪᠠᠶᠢᠨ᠎ᠠ ᠭᠡᠵᠡᠢ᠃ | ᠲᠦᠭᠰᠢᠭᠦᠷᠢ ᠠᠴᠠ ᠪᠠᠲᠤᠯᠠᠬᠤ ᠬᠠᠮᠤᠷᠬᠤ ᠬᠡᠪᠴᠢᠶ᠎ᠡ ᠶᠢ ᠥᠷᠭᠡᠳᠭᠡᠨ᠎ᠡ | ᠪᠣᠳᠠᠲᠠᠶ ᠪᠠᠶᠢᠳᠠᠯ ᠠᠴᠠ ᠦᠵᠡᠪᠡᠯ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ | ᠪᠠᠶᠠᠯᠢᠭᠵᠢᠭᠤᠯᠬᠤ ᠪᠣᠯ ︽ᠰᠠᠨᠠᠯ︾ ᠤᠨ ᠴᠢᠬᠤᠯᠠ ᠦᠵᠡᠴᠡ ᠪᠣᠯᠤᠨ᠎ᠠ᠃ | ᠣᠨᠴᠠᠭᠠᠢ ᠲᠣᠭᠲᠠᠭᠠᠭᠰᠠᠨ ᠬᠠᠮᠲᠤᠯᠢᠭ ᠲᠤ ᠳᠠᠭᠠᠳᠬᠠᠯ ᠤᠨ ᠪᠠᠲᠤᠯᠠᠭ᠎ᠠ ᠬᠠᠩᠭᠠᠬᠤ ᠪᠠᠨ ᠡᠷᠴᠢᠮᠵᠢᠭᠦᠯᠬᠦ ᠲᠠᠯ᠎ᠠ ᠪᠠᠷ᠂ ︽ᠰᠠᠨᠠᠯ︾ ᠳᠤ ︽ | ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠳᠥᠯᠥᠬᠦ ᠴᠢᠳᠠᠪᠤᠷᠢ ᠳᠤ ᠳᠣᠭᠢᠷᠠᠬᠤ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ ᠪᠠ ᠡᠷᠡᠭᠦᠯ | ᠮᠡᠨᠳᠦ ᠶᠢᠨ ᠳᠠᠭᠠᠳᠬᠠᠯ ᠤᠨ ᠦᠢᠯᠡᠳᠬᠦᠨ ᠢ ᠶᠡᠭᠡ ᠪᠠᠷ ᠬᠥᠭᠵᠢᠭᠦᠯᠬᠦ︾ ︽ᠡᠮᠡᠭᠲᠡᠶᠢᠴᠦᠳ ᠤᠨ ︿ᠬᠤᠶᠠᠷ ᠥᠮᠡᠨ﹀᠂ ᠬᠡᠤᠬᠡᠳ ᠤᠨ ᠲᠥᠷᠥᠯᠬᠢ | ᠴᠢᠨᠠᠷᠲᠠᠶ᠂ ᠬᠤᠪᠣᠷ ᠲᠣᠬᠢᠶᠠᠯᠳᠤᠬᠤ ᠡᠪᠡᠳᠴᠢᠨ ᠵᠡᠷᠭᠡ ᠶᠢᠨ ᠳᠠᠭᠠᠳᠬᠠᠯ ᠤᠨ ᠪᠠᠲᠤᠯᠠᠭ᠎ᠠ ᠶᠢ ᠴᠢᠩᠭᠠᠳᠬᠠᠬᠤ︾ ᠵᠡᠷᠭᠡ ᠠᠷᠭ᠎ᠠ ᠬᠡᠮᠵᠢᠶ᠎ᠡ ᠶᠢ | ᠳᠤᠷᠠᠳᠤᠭᠰᠠᠨ ᠢᠶᠠᠷ ᠪᠠᠷᠠᠬᠤ ᠥᠬᠡᠶ᠂ ᠪᠠᠰᠠ ᠪᠠᠷᠢᠯᠭ᠎ᠠ ᠶᠢᠨ ᠠᠵᠢᠯᠴᠢᠨ᠂ ᠲᠦᠷᠭᠡᠨ ᠬᠦᠷᠭᠡᠯᠲᠡ ᠶᠢᠨ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠮᠠᠰᠢᠨ | ᠲᠡᠷᠭᠡᠨ ᠤ ᠵᠢᠯᠣᠭᠤᠴᠢ᠂ ᠪᠠᠷᠠᠭᠠᠨ ᠲᠡᠷᠭᠡᠨ ᠤ ᠵᠢᠯᠣᠭᠤᠴᠢ᠂ ᠰᠦᠯᠵᠢᠶᠡᠨ ᠤ ᠳᠡᠯᠭᠡᠭᠦᠷ ᠤᠨ ᠡᠵᠡᠩᠨᠡᠭᠴᠢ ᠵᠡᠷᠭᠡ ᠬᠤᠲᠠ ᠶᠢᠨ ᠰᠢᠨ᠎ᠡ ᠠᠷᠠᠳ ᠤᠨ | ᠬᠠᠮᠲᠤᠯᠢᠭ ᠪᠠ ᠠᠮᠢᠳᠤᠯᠢᠭ ᠢᠶᠠᠷ ᠠᠵᠢᠯ ᠣᠯᠤᠭᠰᠠᠳ ᠲᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠴᠠᠩᠭᠤᠶ ᠰᠢᠨ᠎ᠡ ᠠᠵᠢᠯ ᠣᠯᠭᠤᠯᠲᠠ ᠶᠢᠨ | ᠬᠡᠯᠪᠡᠷᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠬᠦ ᠶᠢ | ᠳᠤᠷᠠᠳᠤᠨ ᠭᠠᠷᠭᠠᠪᠠ᠃ | ᠭᠤᠤᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠠᠴᠠ ᠪᠠᠲᠤᠯᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ᠂ ︽ᠰᠠᠨᠠᠯ︾ ᠳᠤ ︽ | ᠣᠷᠣᠯᠭ᠎ᠠ ᠶᠢᠨ ᠳᠠᠭᠠᠳᠬᠠᠯ ᠪᠠ ᠠᠭᠤᠷ ᠠᠮᠢᠰᠬᠤᠯ ᠤᠨ ᠵᠢᠭᠠᠯᠲᠠ ᠲᠣᠭᠠᠨ ᠤ ᠳᠠᠭᠠᠳᠬᠠᠯ ᠳᠤ ᠰᠢᠨ᠎ᠡ ᠶᠢ ᠡᠭᠦᠳᠦᠨ ᠬᠥᠭᠵᠢᠭᠦᠯᠬᠦ︾ ︽ᠳᠠᠭᠠᠳᠬᠠᠯ ᠳᠤ | ᠣᠷᠣᠯᠴᠠᠬᠤ ᠳᠤ ᠳᠥᠭᠦᠮ᠂ ᠰᠦᠢᠳᠬᠡᠯ ᠲᠤᠰᠢᠶᠠᠬᠤ ᠳᠤ ᠠᠮᠢᠳᠤᠯᠢᠭ᠂ ᠠᠰᠢᠭ ᠣᠷᠣᠯᠭ᠎ᠠ ᠯᠠᠪᠳᠠᠭᠤᠨ᠂ ᠬᠡᠯᠪᠡᠷᠢ ᠮᠠᠶ᠋ᠢᠭ ᠣᠯᠠᠨ ᠶᠠᠩᠵᠤ ᠶᠢᠨ | ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠣᠨ ᠤ ᠮᠥᠩᠭᠦ ᠶᠢᠨ ᠦᠢᠯᠡᠳᠬᠦᠨ︾ ︽ᠡᠮᠴᠢᠯᠡᠭᠡᠨ ᠤ ᠬᠠᠷᠢᠭᠤᠴᠠᠯᠭ᠎ᠠ᠂ ᠡᠮᠴᠢᠯᠡᠭᠡᠨ ᠤ ᠠᠳᠡᠯ ᠪᠠ | ᠸᠠᠺᠼᠢᠨ ᠤ ᠲᠠᠷᠢᠯᠭ᠎ᠠ ᠬᠢᠬᠦ ᠵᠡᠷᠭᠡ ᠬᠤᠯᠪᠣᠭᠳᠠᠯ ᠪᠥᠬᠦᠶ ᠳᠠᠭᠠᠳᠬᠠᠯ ᠢ ᠢᠳᠡᠪᠬᠢᠲᠡᠶ ᠬᠥᠭᠵᠢᠭᠦᠯᠬᠦ︾ ᠵᠡᠷᠭᠡ ᠠᠷᠭ᠎ᠠ ᠬᠡᠮᠵᠢᠶ᠎ᠡ ᠶᠢ ᠳᠤᠷᠠᠳᠪᠠ᠃ | ᠡᠭᠦᠨ ᠤ ᠬᠠᠮᠲᠤ᠂ ︽ᠰᠠᠨᠠᠯ︾ ᠳᠤ ᠬᠥᠳᠡᠭᠡ ᠲᠣᠰᠬᠤᠨ ᠪᠠ ᠬᠢᠯᠢ ᠬᠢᠵᠠᠭᠠᠷ ᠣᠷᠣᠨ ᠤ ᠣᠯᠠᠨ ᠲᠦᠮᠡᠨ᠂ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ᠂ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ ᠵᠡᠷᠭᠡ ᠶᠢᠨ ᠪᠣᠳᠠᠲᠤ ᠪᠠᠶᠢᠳᠠᠯ ᠪᠠ ᠳᠠᠭᠠᠳᠬᠠᠯ ᠤᠨ ᠬᠡᠷᠡᠭᠴᠡᠭᠡ ᠱᠠᠭᠠᠷᠳᠠᠯᠭ᠎ᠠ ᠳᠤ | ᠴᠢᠭᠯᠡᠭᠦᠯᠦᠨ᠂ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ᠂ ᠡᠷᠡᠭᠦᠯ ᠮᠡᠨᠳᠦ ᠶᠢᠨ ᠳᠠᠭᠠᠳᠬᠠᠯ᠂ ᠲᠣᠭᠲᠠᠮᠠᠯ ᠬᠤᠭᠤᠴᠠᠭᠠᠲᠤ ᠠᠮᠢ ᠨᠠᠰᠤᠨ ᠤ | ᠳᠠᠭᠠᠳᠬᠠᠯ᠂ ᠬᠡᠷ ᠪᠦᠯᠢ ᠶᠢᠨ ᠡᠳ᠋ ᠬᠥᠷᠥᠩᠭᠡ ᠶᠢᠨ ᠳᠠᠭᠠᠳᠬᠠᠯ ᠵᠡᠷᠭᠡ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠰᠠᠨᠠᠭᠠᠴᠢᠯᠠᠪᠠ᠃ | ︽ᠳᠠᠭᠠᠳᠬᠠᠯ ᠨᠢ ︿ᠠᠵᠤ ᠠᠬᠤᠶ ᠶᠢᠨ ᠳᠣᠷᠭᠢᠯᠲᠠ ᠶᠢ ᠪᠠᠭᠠᠰᠬᠠᠬᠤ﹀ ᠪᠠ ︿ᠨᠡᠶᠢᠭᠡᠮ ᠤᠨ ᠪᠠᠶᠢᠳᠠᠯ ᠢ ᠲᠣᠭᠲᠠᠪᠤᠷᠢᠵᠢᠭᠤᠯᠬᠤ﹀ ᠴᠢᠳᠠᠮᠵᠢ ᠲᠠᠢ | ᠪᠠᠶᠢᠵᠤ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠬᠤᠯᠠ ᠬᠦᠴᠦᠨ ᠪᠣᠯᠤᠨ᠎ᠠ᠃ ᠤᠲᠤᠬᠠᠨ ᠳᠤ ᠳᠤᠮᠲᠠᠲᠦ ᠤᠯᠤᠰ ᠤᠨ | ᠲᠠᠭᠠᠳᠬᠠᠯ ᠤᠨ ᠦᠢᠯᠡᠰ ᠳᠦᠷᠬᠡᠨ ᠲᠠᠪᠰᠢᠭᠰᠠᠨ ᠪᠤᠯᠪᠠᠴᠦ ᠲᠠᠭᠠᠳᠬᠠᠯ ᠤᠨ ᠭᠦᠨᠴᠡ ᠪᠠ ᠨᠢᠭᠲᠠᠴᠠ ᠶᠢᠨ ᠬᠡᠮᠵᠢᠶ᠎ᠡ ᠶᠢ ᠲᠡᠬᠡᠭᠰᠢᠯᠡᠭᠦᠯᠭᠦ ᠴᠢᠬᠤᠯᠠᠲᠠᠢ | ᠪᠠᠶᠢᠨ᠎ᠠ᠃ ᠡᠨᠡ ᠬᠦ ᠠᠬᠤᠶ ᠪᠠᠶᠢᠳᠠᠯ ᠳᠤ᠂ ︽ᠰᠠᠨᠠᠯ︾ ᠳᠠᠬᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠵᠠᠷᠴᠢᠮ ᠪᠠ ᠬᠠᠷᠠᠯᠲᠠ ᠶᠢ | ᠳᠠᠷᠦ᠋ᠢᠬᠠᠨ ᠲᠣᠳᠣᠷᠬᠠᠶᠢᠯᠠᠬᠤ ᠪᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠬᠦ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ | ᠠᠪᠬᠤ ᠨᠢ ᠲᠦᠢᠯ ᠤᠨ ᠴᠢᠬᠤᠯᠠᠲᠠᠶ ᠶᠤᠮ᠃︾ ᠮᠥᠩᠭᠦᠨ ᠭᠦᠢᠯᠭᠡᠭᠡᠨ ᠤ ᠲᠡᠷᠢᠭᠦᠨ ᠰᠤᠳᠤᠯᠤᠭᠴᠢ ᠳ᠋ᠦᠩ ᠰᠢ ᠮᠢᠶᠣᠣ ᠲᠤᠰ ᠰᠣᠨᠢᠨ ᠤ | ᠰᠤᠷᠪᠤᠯᠵᠢᠯᠠᠭᠴᠢ ᠳᠤ ᠬᠡᠯᠡᠬᠦ ᠳᠤ ᠪᠠᠨ᠂ ᠪᠣᠳᠠᠲᠠᠢ ᠠᠷᠭ᠎ᠠ ᠬᠡᠮᠵᠢᠶ᠎ᠡ ᠠᠴᠠ ᠦᠵᠡᠪᠡᠯ᠂ ︽ᠰᠠᠨᠠᠯ︾ ᠨᠢ ᠳᠠᠭᠠᠳᠬᠠᠯ ᠤᠨ ᠦᠢᠯᠡᠳᠬᠦᠨ ᠤ | ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠳᠤ ᠠᠰᠢᠭᠲᠠᠢ ᠭᠡᠵᠡᠢ᠃ | ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ ᠯᠠᠪᠳᠠᠭᠤᠨ ᠪᠠᠲᠤᠲᠠᠶ ᠳᠡᠭᠡᠭᠰᠢᠯᠡᠭᠦᠯᠦᠨ᠎ᠡ | ᠢᠷᠡᠭᠡᠳᠦᠶ ᠶᠢᠨ ᠲᠠᠪᠤᠨ ᠵᠢᠯ ᠳᠤ᠂ ᠴᠢᠨᠠᠷ ᠰᠠᠶᠢᠲᠠᠶ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠰᠢᠰᠲ᠋ᠧᠮ ᠢ | ᠦᠨᠳᠦᠰᠦᠨ ᠳᠤ ᠪᠠᠨ ᠪᠠᠶᠢᠭᠤᠯᠤᠨ᠎ᠠ᠃ ᠡᠨᠡ ᠪᠣᠯ ︽ᠰᠠᠨᠠᠯ︾ ᠤᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠳᠤᠷᠠᠳᠤᠭᠰᠠᠨ | ᠲᠣᠳᠣᠷᠬᠠᠶ ᠬᠠᠷᠠᠯᠲᠠ ᠮᠥᠨ᠃ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠬᠠᠮᠢᠶ᠎ᠠ ᠪᠥᠬᠦᠶ | ᠬᠠᠷᠢᠭᠤᠴᠠᠯᠭᠠᠲᠠᠨ ᠬᠡᠯᠡᠬᠦ ᠳᠤ ᠪᠠᠨ᠂ ᠳᠠᠭᠠᠳᠬᠠᠯ ᠤᠨ ᠺᠣᠮᠫᠠᠨᠢ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠳᠤ ᠦᠢᠯᠡᠴᠢᠯᠡᠬᠦ ᠡᠭᠦᠷᠭᠡ | ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠣᠰ ᠪᠡᠶ᠎ᠡ ᠶᠢᠨ ᠡᠵᠡᠩᠨᠡᠯᠲᠡ ᠶᠢᠨ ᠣᠨᠴᠠᠯᠢᠭ ᠪᠠ ᠳᠠᠪᠠᠭᠤᠯᠢᠭ ᠲᠤ ᠪᠠᠨ ᠰᠠᠭᠤᠷᠢᠯᠠᠨ᠂ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠢᠳᠡᠪᠬᠢᠲᠡᠶ ᠣᠷᠣᠯᠴᠠᠬᠤ ᠪᠠ ᠠᠬᠢᠭᠤᠯᠬᠤ ᠬᠡᠷᠡᠭᠲᠡᠶ ᠭᠡᠵᠡᠶ᠃ | ᠡᠮᠦᠨᠡᠬᠡᠨ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠶᠡᠷᠦᠩᠬᠡᠢ ᠬᠡᠪᠴᠢᠶ᠎ᠡ ᠨᠢ 100 ᠳ᠋ᠦᠩᠰᠢᠭᠤᠷ ᠲᠥᠭᠦᠷᠢᠭ ᠤᠨ᠂ | ᠠᠩᠬᠠᠨ ᠤ ᠬᠤᠭᠤᠴᠠᠭ᠎ᠠ ᠳᠤ 50 ᠳ᠋ᠦᠩᠰᠢᠭᠤᠷ ᠲᠥᠭᠦᠷᠢᠭ ᠤᠨ ᠬᠡᠪᠴᠢᠶ᠎ᠡ ᠲᠠᠢ ᠪᠤᠭᠤᠷᠤᠯᠴᠤᠳ ᠤᠨ ᠠᠵᠤ ᠠᠬᠤᠶ ᠶᠢᠨ ᠠᠵᠤ ᠦᠢᠯᠡᠰ ᠤᠨ ᠪᠠᠯᠠ | ᠣᠷᠣᠭᠤᠯᠤᠯᠲᠠ ᠶᠢᠨ ᠰᠠᠭᠤᠷᠢ ᠮᠥᠩᠭᠦ ᠶᠢ ᠡᠬᠢᠯᠡᠨ ᠪᠠᠶᠢᠭᠤᠯᠵᠠᠢ᠂ ᠡᠨᠡ ᠨᠢ ᠨᠠᠰᠤᠲᠠᠶᠢᠴᠤᠳ ᠲᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ | ᠲᠥᠯᠥᠭᠡ ᠶᠤᠮ᠃ 2023 ᠣᠨ ᠤ ᠡᠴᠦᠰ ᠪᠣᠯᠲᠠᠯ᠎ᠠ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠨᠡᠯᠢᠶᠡᠳ ᠴᠢᠩᠭ᠎ᠠ ᠨᠠᠰᠤᠵᠢᠯ ᠤᠨ | ᠠᠰᠠᠷᠠᠮᠵᠢ ᠶᠢᠨ ᠰᠢᠨᠵᠢ ᠴᠢᠨᠠᠷ ᠲᠠᠢ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠬᠤᠷᠠᠮᠳᠤᠭᠤᠯᠭ᠎ᠠ ᠶᠢᠨ ᠪᠡᠯᠡᠳᠬᠡᠯ ᠮᠥᠩᠭᠦ 1.8 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ᠂ 2023 ᠣᠨ ᠳᠤ ᠨᠠᠰᠤᠲᠠᠶᠢᠴᠤᠳ ᠵᠡᠷᠭᠡ ᠬᠥᠮᠦᠰ ᠤᠨ ᠳᠠᠭᠠᠳᠬᠠᠯ ᠢ ᠳᠠᠭᠠᠭᠠᠭᠰᠠᠨ ᠲᠤᠭ᠎ᠠ 1.6 ᠳ᠋ᠦᠩᠰᠢᠭᠤᠷ ᠬᠥᠮᠦᠨ | ᠤᠳᠠᠭ᠎ᠠ ᠳᠤ ᠬᠦᠷᠪᠡ᠃ ︽ᠪᠢᠳᠡ ᠦᠷᠭᠦᠯᠵᠢᠯᠡᠨ ᠨᠡᠩ ᠥᠨᠳᠥᠷ ᠦᠷ᠎ᠡ ᠪᠦᠲᠦᠮᠵᠢ ᠲᠠᠢ᠂ ᠨᠡᠩ ᠳᠣᠣᠷ᠎ᠠ ᠥᠪᠡᠷ ᠤᠨ ᠦᠷᠳᠡᠭ ᠲᠠᠢ᠂ ᠨᠡᠩ | ᠪᠦᠲᠦᠮᠵᠢᠲᠡᠢ ᠲᠦᠭᠰᠢᠭᠦᠷᠢ ᠶᠢ ᠰᠡᠷᠭᠡᠶᠢᠯᠡᠬᠦ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠥᠩᠭᠦᠨ ᠭᠦᠢᠯᠭᠡᠭᠡᠨ ᠤ ᠠᠮᠢᠳᠤ ᠬᠦᠴᠦᠨ ᠨᠡᠮᠡᠷᠢᠯᠡᠵᠦ᠂ | ᠨᠡᠩ ᠤᠯᠠᠨ ᠪᠥᠭᠡᠳ ᠠᠮᠤᠷ ᠲᠦᠪᠰᠢᠨ ᠴᠢᠨᠠᠷᠲᠠᠢ᠂ ᠠᠰᠢᠭ ᠣᠯᠵᠠᠪᠤᠷᠢ ᠶᠢᠨ ᠴᠢᠨᠠᠷᠲᠠᠢ᠂ ᠭᠦᠢᠯᠭᠡᠭᠡᠨ ᠤ ᠴᠢᠨᠠᠷᠲᠠᠢ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠤ ᠳᠠᠭᠠᠳᠬᠠᠯ ᠤᠨ ᠦᠢᠯᠡᠳᠬᠦᠨ ᠢ ᠡᠭᠡᠯ ᠠᠷᠠᠳ ᠤᠨ ᠭᠡᠷ ᠲᠤ ᠣᠷᠣᠭᠤᠯᠤᠨ᠎ᠠ︾ ᠭᠡᠵᠦ ᠳᠤᠮᠳᠠᠳᠤ ᠤᠯᠤᠰ ᠤᠨ ᠠᠮᠢ ᠨᠠᠰᠤᠨ ᠤ | ᠳᠠᠭᠠᠳᠬᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠠᠢ ᠲᠣᠤ ᠬᠡᠯᠡᠪᠡ᠃ | ᠣᠶᠢᠷ᠎ᠠ ᠳᠤ᠂ ᠳᠤᠮᠳᠠᠳᠤ ᠤᠯᠤᠰ ᠤᠨ ᠲᠠᠢ ᠫᠢᠩ ᠶᠠᠩ ᠳᠠᠭᠠᠳᠬᠠᠯ ᠨᠢ ᠱᠠᠩᠬᠠᠢ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠵᠡᠷᠭᠡ | ᠨᠢᠭᠡᠴᠢ ᠨᠦᠭᠦᠳ ᠲᠠᠢ ᠬᠠᠮᠲᠤᠷᠠᠨ ᠠᠩᠬᠠᠳᠠᠭᠴᠢ ᠪᠦᠯᠦᠭ 642 ᠲᠣᠮᠣ ᠤᠯᠤᠰ ᠤᠨ ᠳᠠᠷᠬᠠᠨ᠂ ᠱᠠᠩᠬᠠᠢ ᠶᠢᠨ ᠤᠷᠠᠨ ᠳᠠᠷᠬᠠᠨ ᠤ ᠬᠢᠨ ᠳᠤ ︽ | ᠱᠠᠩᠬᠠᠢ ᠶᠢᠨ ᠭᠡᠷ ᠪᠥᠯᠢ ᠶᠢᠨ ᠳᠠᠭᠠᠳᠬᠠᠯ︾ ᠤᠨ ᠬᠠᠭᠤᠳᠠᠰᠤ ᠶᠢ ᠪᠡᠯᠡᠭᠯᠡᠪᠡ᠃ ᠲᠠᠨᠢᠯᠴᠠᠭᠤᠯᠤᠭᠰᠠᠨ ᠢᠶᠠᠷ᠂ ︽ᠱᠠᠩᠬᠠᠶ ᠶᠢᠨ ᠭᠡᠷ ᠪᠥᠯᠢ ᠶᠢᠨ | ᠳᠠᠭᠠᠳᠬᠠᠯ︾ ᠪᠣᠯ ᠱᠠᠩᠬᠠᠶ ᠬᠤᠲᠠ ᠶᠢᠨ ᠠᠷᠠᠳ ᠲᠤ ᠲᠤᠰᠬᠠᠶᠢᠯᠠᠨ ᠲᠣᠭᠲᠠᠭᠠᠭᠰᠠᠨ ᠠᠩᠬᠠᠳᠠᠭᠴᠢ ᠬᠤᠲᠠ ᠶᠢᠨ ᠲᠦᠭᠡᠮᠡᠯ ᠬᠠᠷᠠᠭᠠᠯᠵᠠᠯᠲᠤ | ᠬᠡᠯᠪᠡᠷᠢ ᠶᠢᠨ ᠬᠡᠷ ᠪᠦᠯᠢ ᠶᠢᠨ ᠶᠡᠷᠦᠩᠬᠡᠶᠢᠯᠡᠭᠰᠡᠨ ᠳᠠᠭᠠᠳᠬᠠᠯ ᠮᠥᠨ᠂ ︽ᠳᠠᠭᠠᠳᠬᠠᠯ + ᠦᠢᠯᠡᠴᠢᠯᠡᠭᠡ︾ ᠶᠢᠨ ᠰᠢᠨ᠎ᠡ ᠶᠢ ᠡᠭᠦᠳᠦᠭᠰᠡᠨ ᠬᠠᠶᠢᠨ | ᠰᠦᠪᠡᠭᠴᠢᠯᠡᠯᠲᠡ ᠮᠥᠨ᠂ ᠳᠠᠭᠠᠳᠬᠠᠯ ᠤᠨ ᠬᠠᠭᠤᠳᠠᠰᠤ ᠨᠢᠭᠡᠪᠦᠷᠢ ᠶᠢᠨ ᠶᠡᠷᠦᠩᠬᠡᠶ ᠳᠠᠭᠠᠳᠬᠠᠯ ᠤᠨ ᠲᠤᠭ᠎ᠠ ᠨᠢ 230 ᠲᠦᠮᠡᠨ ᠲᠥᠭᠦᠷᠢᠭ ᠲᠤ ᠬᠦᠷᠴᠡᠶ | ᠃ ᠡᠭᠦᠨ ᠠᠴᠠ ᠭᠠᠳᠠᠨ᠎ᠠ᠂ ︽ᠱᠠᠩᠬᠠᠶ ᠶᠢᠨ ᠭᠡᠷ ᠪᠥᠯᠢ ᠶᠢᠨ ᠳᠠᠭᠠᠳᠬᠠᠯ︾ ᠨᠢ ᠪᠠᠰᠠ ᠬᠤᠲᠠ ᠶᠢᠨ ᠠᠷᠠᠳ ᠲᠤ ᠬᠠᠤᠯᠢ ᠴᠠᠭᠠᠵᠠ ᠶᠢᠨ ᠯᠠᠪᠯᠠᠭ᠎ᠠ᠂ | ᠬᠡᠷ ᠤᠨ ᠴᠠᠬᠢᠯᠭᠠᠨ ᠬᠡᠷᠡᠭᠰᠡᠯ ᠢ ᠤᠬᠢᠶᠠᠵᠤ ᠴᠡᠪᠡᠷᠯᠡᠬᠦ ᠵᠡᠷᠭᠡ ᠠᠮᠢᠳᠤᠷᠠᠯ ᠤᠨ ᠦᠢᠯᠡᠴᠢᠯᠡᠭᠡ ᠬᠠᠩᠭᠠᠪᠠ᠃ | ︽ᠳᠠᠷᠠᠭᠠᠴᠢ ᠪᠠᠷ᠂ ᠳᠠᠭᠠᠳᠬᠠᠯ ᠤᠨ ᠦᠢᠯᠡᠰ ︿ᠰᠠᠨᠠᠯ﹀ ᠢ ᠨᠡᠶᠢᠲᠡᠯᠡᠬᠦ ᠪᠠᠷ ᠠᠵᠠ ᠲᠣᠬᠢᠶᠠᠯ ᠪᠣᠯᠭᠠᠵᠤ᠂ ᠨᠠᠩ ᠣᠯᠠᠨ ᠪᠠᠷᠢᠮᠵᠢᠶᠠᠵᠢᠭᠤᠯᠤᠭᠰᠠᠨ᠂ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡ ᠶᠢ ᠰᠢᠨ᠎ᠡ ᠪᠠᠷ ᠡᠭᠦᠳᠦᠨ ᠭᠠᠷᠭᠠᠬᠤ ᠶᠢᠨ ᠬᠠᠮᠲᠤ ᠮᠥᠩᠭᠦᠨ ᠭᠦᠢᠯᠭᠡᠭᠡᠨ ᠤ | ᠰᠢᠨᠵᠢᠯᠡᠬᠦ ᠤᠬᠠᠭᠠᠨ ᠮᠡᠷᠭᠡᠵᠢᠯ ᠢ ᠭᠦᠢᠴᠡᠳ ᠬᠡᠷᠡᠭᠯᠡᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠲᠣᠭᠠᠴᠢᠯᠠᠯᠲᠠ᠂ | ᠤᠶᠤᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠡᠨᠡ ᠬᠦ ᠶᠠᠪᠤᠴᠠ ᠳᠤ᠂ ᠳᠠᠭᠠᠳᠬᠠᠯ ᠤᠨ ᠪᠠᠶᠢᠭᠤᠯᠤᠮᠵᠢ ᠪᠠᠰᠠ ᠳᠠᠭᠠᠳᠬᠠᠯ ᠬᠠᠷᠢᠭᠤᠴᠠᠬᠤ᠂ | ᠬᠤᠬᠢᠷᠠᠯ ᠢ ᠬᠢᠨᠠᠬᠤ᠂ ᠲᠥᠯᠥᠬᠦ᠂ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡᠨ ᠤ ᠳᠦᠭᠦᠮᠴᠢᠯᠡᠯᠲᠡ ᠶᠢᠨ ᠬᠡᠮᠵᠢᠶ᠎ᠡ ᠶᠢ ᠦᠷᠭᠦᠯᠵᠢᠯᠡᠨ ᠴᠢᠷᠮᠠᠶᠢᠨ | ᠳᠡᠭᠡᠭᠰᠢᠯᠡᠭᠦᠯᠵᠦ᠂ ︿ᠳᠥᠯᠥᠪᠡᠰᠦ ᠵᠣᠬᠢᠬᠤ ᠶᠢ ᠨᠢ ᠪᠦᠬᠦᠨ ᠢ ᠲᠥᠯᠥᠵᠦ᠂ ᠲᠦᠯᠦᠵᠦ ᠳᠡᠶᠢᠯᠬᠦ ᠶᠢ ᠨᠢ ᠲᠦᠷᠭᠡᠨ ᠲᠥᠯᠥᠬᠦ﹀ ᠶᠢ ᠪᠡᠶᠡᠯᠡᠭᠦᠯᠵᠦ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠨ᠎ᠠ︾ ᠭᠡᠵᠦ ᠳ᠋ᠦᠩ ᠰᠢ ᠮᠢᠶᠣᠣ ᠬᠡᠯᠡᠪᠡ᠃ | |