ᠬᠥᠬᠡᠬᠤᠲᠠ ︽ᠮᠤᠲ᠋ᠤᠷ ᠤᠨᠤᠵᠤ ᠮᠠᠰᠢᠨ ᠲᠡᠷᠬᠡ ᠵᠢᠯᠤᠭᠤᠳᠤᠨ ᠶᠡᠭᠡ ᠲᠠᠭᠤ ᠪᠠᠷ ᠬᠦᠩᠬᠢᠨᠡᠬᠦᠯᠬᠦ︾ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ ᠪᠤᠢ
ᠨᠡᠶᠢᠲᠡᠯᠡᠭᠰᠡᠨ ᠴᠠᠭ᠄
2024/6/18
    ︽ᠮᠤᠲ᠋ᠤᠷ ᠤᠨᠤᠵᠤ ᠮᠠᠰᠢᠨ ᠲᠡᠷᠬᠡ ᠵᠢᠯᠤᠭᠤᠳᠤᠨ ᠶᠡᠭᠡ ᠲᠠᠭᠤ ᠪᠠᠷ ᠬᠦᠩᠬᠢᠨᠡᠬᠦᠯᠬᠦ︾ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠵᠤ᠂ ᠨᠡᠶᠢᠭᠡᠮ ᠤᠨ ᠠᠮᠤᠷ ᠲᠦᠪᠰᠢᠨ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠶᠢᠨ ᠲᠤᠰᠠᠳᠠ᠂ ᠤᠶᠢᠷ᠎ᠠ ᠳᠤ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠴᠠᠬᠳᠠᠭ᠎ᠠ ᠪᠠ ᠲᠣᠨᠤᠭ ᠲᠥᠬᠦᠭᠡᠷᠦᠮᠵᠢ ᠪᠠᠨ ᠬᠠᠮᠤᠭ ᠤᠨ ᠶᠡᠭᠡ ᠬᠡᠮᠵᠢᠶ᠎ᠡ ᠪᠠᠷ ᠵᠠᠮ ᠳᠡᠭᠡᠷᠡᠬᠢ ᠨᠢᠭᠡᠳᠦᠭᠡᠷ ᠹᠷᠣᠨᠲ ᠲᠤ ᠣᠷᠣᠭᠤᠯᠬᠤ ᠶᠢ ᠪᠠᠷᠢᠮᠲᠠᠯᠠᠨ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠰᠡᠵᠢᠭᠯᠡᠯᠲᠡᠢ ᠮᠠᠰᠢᠨ ᠲᠡᠷᠬᠡ ᠶᠢ ᠪᠠᠶᠢᠴᠠᠭᠠᠵᠤ᠂ ︽ᠮᠤᠲ᠋ᠤᠷ ᠤᠨᠤᠵᠤ ᠮᠠᠰᠢᠨ ᠲᠡᠷᠬᠡ ᠵᠢᠯᠤᠭᠤᠳᠤᠨ ᠶᠡᠭᠡ ᠲᠠᠭᠤ ᠪᠠᠷ ᠬᠦᠩᠬᠢᠨᠡᠬᠦᠯᠬᠦ︾ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠦᠳᠲᠡᠷ ᠲᠦᠷᠭᠡᠨ ᠡᠷᠡᠰ ᠰᠢᠭᠤᠷᠬᠠᠢ ᠪᠠᠷ ᠪᠠᠶᠢᠴᠠᠭᠠᠨ ᠰᠶᠢᠳᠪᠦᠷᠢᠯᠡᠪᠡ᠃ 5 ᠰᠠᠷ᠎ᠠ ᠶᠢᠨ ᠳᠤᠮᠳᠠᠴᠢ ᠠᠴᠠ ᠨᠠᠭᠠᠰᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ 150 ᠭᠠᠷᠤᠢ ᠴᠠᠭᠳᠠᠭ᠎ᠠ ᠬᠥᠳᠡᠯᠭᠡᠵᠦ᠂ ︽ᠮᠤᠲ᠋ᠤᠷ ᠤᠨᠤᠵᠤ ᠮᠠᠰᠢᠨ ᠲᠡᠷᠬᠡ ᠵᠢᠯᠤᠭᠤᠳᠤᠨ ᠶᠡᠭᠡ ᠲᠠᠭᠤ ᠪᠠᠷ ᠬᠦᠩᠬᠢᠨᠡᠬᠦᠯᠬᠦ︾ ᠬᠠᠤᠯᠢ ᠠᠴᠠ ᠵᠥᠷᠢᠴᠡᠭᠰᠡᠨ 19 ᠤᠳᠠᠭ᠎ᠠ ᠶᠢᠨ ᠬᠡᠷᠡᠭ ᠢ ᠪᠠᠶᠢᠴᠠᠭᠠᠨ ᠰᠶᠢᠳᠪᠦᠷᠢᠯᠡᠵᠦ᠂ ︽ᠮᠤᠲ᠋ᠤᠷ ᠤᠨᠤᠵᠤ ᠮᠠᠰᠢᠨ ᠲᠡᠷᠬᠡ ᠵᠢᠯᠤᠭᠤᠳᠤᠨ ᠶᠡᠭᠡ ᠲᠠᠭᠤ ᠪᠠᠷ ᠬᠦᠩᠬᠢᠨᠡᠬᠦᠯᠬᠦ︾ ᠲᠠᠢ ᠬᠤᠯᠪᠤᠬᠳᠠᠬᠰᠠᠨ ᠨᠠᠰᠤᠨ ᠳᠤ ᠥᠯᠥ ᠭᠦᠷᠦᠭᠰᠡᠳ ᠢ 6 ᠬᠦᠮᠦᠨ ᠪᠠᠶᠢᠴᠠᠭᠠᠨ ᠰᠶᠢᠳᠪᠦᠷᠢᠯᠡᠵᠦ᠂ 13 ᠮᠠᠰᠢᠨ ᠲᠡᠷᠬᠡ ᠶᠢ ᠦᠯᠡᠳᠡᠭᠡᠨ ᠠᠪᠴᠠᠢ᠃    5 ᠰᠠᠷ᠎ᠠ ᠶᠢᠨ 15 ᠤ ᠡᠳᠦᠷ ᠤᠨ 0 ᠴᠠᠭ ᠤᠨ ᠦᠶ᠎ᠡ ᠪᠠᠷ᠂ ᠬᠦᠬᠡᠬᠤᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠮᠠᠰᠢᠨ ᠲᠡᠷᠭᠡ ᠵᠣᠭᠰᠤᠭᠠᠬᠤ ᠬᠠᠮᠢᠶᠠᠷᠤᠯᠲᠠ ᠶᠢᠨ ᠶᠡᠭᠡ ᠠᠩᠭᠢ ᠰᠠᠶᠢᠬᠠᠨ ᠲᠤᠭᠤᠷᠢᠬ ᠤᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠶᠢᠨ ᠭᠤᠷᠪᠠᠳᠤᠭᠠᠷ ᠲᠤᠮᠳᠠ ᠠᠩᠬᠢ ᠲᠠᠢ ᠬᠠᠮᠳᠤᠷᠠᠨ ᠰᠠᠶᠢᠬᠠᠨ ᠲᠣᠭᠤᠷᠢᠭ ᠤᠨ ᠳ᠋ᠦᠩ ᠵᠢᠩ ᠡᠮᠦᠨ᠎ᠡ ᠵᠠᠮ ᠤᠨ ᠭᠠᠵᠠᠷ ᠳᠣᠣᠷᠠᠬᠢ ᠵᠠᠮ ᠳᠤ ︽ᠮᠤᠲ᠋ᠤᠷ ᠤᠨᠤᠵᠤ ᠮᠠᠰᠢᠨ ᠲᠡᠷᠬᠡ ᠵᠢᠯᠤᠭᠤᠳᠤᠨ ᠶᠡᠭᠡ ᠲᠠᠭᠤ ᠪᠠᠷ ᠬᠦᠩᠬᠢᠨᠡᠬᠦᠯᠬᠦ︾ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠦᠷᠨᠢᠬᠦᠯᠦᠨ᠂ ᠬᠠᠤᠯᠢ ᠪᠤᠰᠤ ᠪᠠᠷ ᠦᠬᠡᠷᠡᠴᠢᠯᠡᠨ ᠤᠬᠰᠠᠷᠠᠬᠰᠠᠨ 6 ᠴᠠᠬᠢᠯᠭᠠᠨ ᠬᠦᠳᠡᠯᠬᠡᠬᠦᠷᠳᠦ ᠲᠤᠭᠤᠢ ᠲᠡᠷᠬᠡ ᠶᠢ ᠪᠠᠶᠢᠴᠠᠭᠠᠨ ᠰᠶᠢᠳᠪᠦᠷᠢᠯᠡᠵᠡᠢ︔ ᠮᠠᠰᠢᠨ ᠲᠡᠷᠬᠡ ᠵᠤᠬᠰᠤᠭᠠᠬᠤ ᠬᠠᠮᠢᠶᠠᠷᠤᠯᠳᠠ ᠶᠢᠨ ᠶᠡᠭᠡ ᠠᠩᠬᠢ ᠨᠢ ᠰᠢᠨ᠎ᠡ ᠬᠤᠳᠠ ᠲᠤᠭᠤᠷᠢᠬ ᠤᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠲᠠᠢ ᠬᠠᠮᠳᠤᠷᠠᠨ ᠰᠢᠨᠬᠤᠸᠠ ᠶᠡᠭᠡ ᠵᠡᠬᠡᠯᠢ ᠲᠡᠭᠡᠷ᠎ᠡ ︽ᠮᠤᠲ᠋ᠤᠷ ᠤᠨᠤᠵᠤ ᠮᠠᠰᠢᠨ ᠲᠡᠷᠬᠡ ᠵᠢᠯᠤᠭᠤᠳᠤᠨ ᠶᠡᠭᠡ ᠲᠠᠭᠤ ᠪᠠᠷ ᠬᠦᠩᠬᠢᠨᠡᠬᠦᠯᠬᠦ︾ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠵᠤ᠂ ᠦᠬᠡᠷᠡᠴᠢᠯᠡᠨ ᠤᠬᠰᠠᠷᠠᠬᠰᠠᠨ ᠮᠠᠰᠢᠨ ᠲᠡᠷᠬᠡ ᠵᠢᠯᠤᠭᠤᠳᠴᠦ ᠶᠡᠭᠡ ᠲᠠᠭᠤ ᠪᠠᠷ ᠬᠦᠩᠬᠢᠨᠡᠬᠦᠯᠦᠭᠰᠡᠨ 1 ᠬᠡᠷᠡᠭ ᠢ ᠪᠠᠶᠢᠴᠠᠭᠠᠨ ᠰᠶᠢᠳᠪᠦᠷᠢᠯᠡᠵᠡᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ