ᠮᠠᠨ ᠤ ᠤᠷᠤᠨ ᠬᠠᠤᠯᠢ ᠠᠴᠠ ᠵᠥᠷᠢᠴᠡᠨ ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠭᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ
ᠨᠡᠶᠢᠲᠡᠯᠡᠭᠰᠡᠨ ᠴᠠᠭ᠄
2024/6/18
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠠᠴᠠ ︽ᠬᠠᠤᠯᠢ ᠠᠴᠠ ᠵᠥᠷᠢᠴᠡᠨ ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠭᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠬᠠᠤᠯᠢ ᠢᠢ ᠵᠥᠷᠢᠴᠡᠨ ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠬᠤ ᠢᠢ ᠡᠷᠡᠰ ᠬᠤᠷᠢᠭᠯᠠᠨ᠂ ᠣᠶ ᠰᠢᠭᠤᠶ ᠪᠠ ᠨᠤᠲᠤᠭ ᠪᠡᠯᠴᠢᠭᠡᠷ ᠢ ᠡᠪᠳᠡᠵᠦ ᠠᠲᠠᠷ ᠬᠠᠭᠠᠯᠪᠤᠷᠢᠯᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ ᠭᠡᠵᠦ ᠱᠠᠭᠠᠷᠳᠠᠪᠠ᠃    ︽ᠮᠡᠳᠡᠭᠳᠡᠯ︾ ᠳᠤ᠂ ᠪᠥᠬᠦ ᠣᠷᠣᠨ ᠤ ᠡᠯ᠎ᠡ ᠭᠠᠵᠠᠷ ᠤᠨ ᠬᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠢᠢ ᠪᠠᠲᠤ ᠴᠣᠭᠴᠠᠯᠠᠬᠤ ᠪᠣᠯ ᠮᠠᠨ ᠤ ᠤᠷᠤᠨ ᠤ ᠡᠷᠬᠡᠪᠰᠢ ᠪᠠᠲᠤ ᠴᠡᠭᠡᠵᠢᠯᠡᠬᠦ ᠴᠢᠬᠤᠯᠠᠲᠠᠢ ︽ᠤᠯᠤᠰ ᠤᠨ ᠶᠡᠭᠡ ᠶᠠᠪᠤᠳᠠᠯ︾ ᠪᠣᠯᠬᠤ ᠢᠢ ᠭᠦᠨᠵᠡᠭᠡᠶ ᠲᠠᠨᠢᠵᠤ᠂ ᠨᠤᠲᠤᠭ ᠪᠡᠯᠴᠢᠭᠡᠷ᠂ ᠣᠶ ᠰᠢᠭᠤᠶ ᠢᠢ ᠬᠠᠮᠠᠭᠠᠯᠠᠬᠤ ᠢᠢ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠪᠣᠯᠭᠠᠨ᠂ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠶᠢᠲᠤ ᠭᠠᠵᠠᠷ ᠨᠤᠲᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ ᠭᠡᠵᠤ ᠵᠢᠭᠠᠵᠤ ᠭᠠᠷᠭᠠᠭᠰᠠᠨ ᠪᠠᠶᠢᠨ᠎ᠠ᠃    ︽ᠮᠡᠳᠡᠭᠳᠡᠯ︾ ᠳᠤ᠂ ᠡᠯ᠎ᠡ ᠭᠠᠵᠠᠷ ᠤᠨ ᠬᠢᠨ ᠬᠠᠤᠯᠢ ᠠᠴᠠ ᠵᠥᠷᠢᠴᠡᠨ ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠢᠢ ᠴᠢᠩᠭᠠᠳᠬᠠᠵᠤ᠂ ᠠᠰᠠᠭᠤᠳᠠᠯ ᠢ ᠢᠯᠡᠷᠡᠭᠦᠯᠬᠦ ᠪᠠ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ︔ ᠣᠶ ᠮᠣᠳᠣ ᠠᠮᠤ ᠪᠤᠳᠠᠭ᠎ᠠ ᠢᠢ ᠠᠯᠠᠭᠯᠠᠨ ᠲᠠᠷᠢᠬᠤ ᠶᠢ ᠪᠦᠬᠦ ᠲᠠᠯ᠎ᠠ ᠪᠠᠷ ᠵᠣᠭᠰᠣᠭᠠᠵᠤ᠂ ᠣᠶ ᠮᠣᠳᠣ ᠶᠢ ᠣᠭᠲᠣᠯᠤᠭᠰᠠᠨ ᠤ ᠳᠠᠷᠠᠭ᠎ᠠ ᠰᠢᠨᠡᠳᠭᠡᠬᠦ ᠬᠠᠮᠢᠶᠠᠷᠤᠯᠲᠠ ᠢᠢ ᠴᠢᠩᠳᠠᠯᠠᠵᠤ᠂ ᠣᠶ ᠶᠢᠨ ᠳᠤᠤᠷᠠᠬᠢ ᠠᠵᠤ ᠠᠬᠤᠶ  ᠶᠢ ᠵᠢᠷᠤᠮᠵᠢᠭᠤᠯᠤᠨ ᠬᠥᠭᠵᠢᠭᠦᠯᠬᠦ ᠬᠡᠷᠡᠭᠲᠡᠶ︔ ᠲᠠᠷᠢᠮᠠᠯ ᠪᠡᠯᠴᠢᠭᠡᠷ ᠵᠢᠴᠢ ᠲᠡᠵᠢᠭᠡᠯ ᠪᠣᠷᠳᠣᠭᠠᠨ ᠤ ᠭᠠᠵᠠᠷ ᠤᠨ ᠬᠠᠮᠢᠶᠠᠷᠤᠯᠲᠠ  ᠶᠢ ᠴᠢᠩᠭ᠎ᠠ ᠵᠢᠷᠤᠮᠵᠢᠭᠤᠯᠵᠤ᠂ ︽ᠨᠢᠭᠡ ᠭᠠᠵᠠᠷ ᠲᠤ ᠨᠢᠭᠡ ᠲᠠᠩᠰᠠ ᠡᠪᠬᠡᠮᠡᠯ ᠲᠠᠢ ᠪᠠᠶᠢᠯᠭᠠᠬᠤ︾ ᠢᠢ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠵᠦ ᠠᠰᠢᠭᠯᠠᠬᠤ ᠲᠥᠯᠥᠪᠵᠢᠭᠦᠯᠭᠡ ᠲᠠᠢ ᠤᠶᠠᠯᠳᠤᠭᠤᠯᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ︔ ᠲᠠᠷᠢᠶᠠᠯᠠᠬᠤ ᠢᠢ ᠵᠣᠭᠰᠣᠭᠠᠵᠤ ᠣᠶ ᠰᠢᠭᠤᠢ ᠢᠢ ᠰᠡᠷᠭᠦᠭᠡᠭᠰᠡᠨ ᠵᠢᠴᠢ ᠨᠤᠲᠤᠭ ᠪᠡᠯᠴᠢᠭᠡᠷ ᠢ ᠰᠡᠷᠭᠦᠭᠡᠭᠰᠡᠨ ᠭᠠᠵᠠᠷ ᠢ ᠳᠠᠬᠢᠨ ᠬᠠᠭᠠᠯᠪᠤᠷᠢᠯᠠᠬᠤ ᠶᠢ ᠡᠷᠡᠰ ᠬᠤᠷᠢᠭᠯᠠᠵᠤ᠂ ᠲᠠᠷᠢᠶᠠᠯᠠᠬᠤ ᠶᠢ ᠵᠣᠭᠰᠣᠭᠠᠬᠤ ᠲᠥᠷᠥᠯ ᠵᠦᠢᠯ ᠤᠨ ᠭᠠᠵᠠᠷ ᠢ ᠪᠠᠶᠢᠴᠠᠭᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠨᠥᠬᠦᠴᠡᠯ ᠪᠠ ᠣᠶ ᠰᠢᠭᠤᠶ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠴᠠᠭ ᠲᠤᠬᠠᠶ ᠳᠤᠨᠢ ᠰᠡᠷᠭᠦᠭᠡᠬᠦ ᠬᠡᠷᠡᠭᠲᠡᠶ︔ ᠰᠦᠪᠡᠭᠴᠢ ᠬᠠᠩᠭᠠᠨ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠳᠦᠷᠢᠮ ᠢ ᠪᠠᠶᠢᠭᠤᠯᠵᠤ᠂ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠠᠴᠠ ᠢᠯᠡᠴᠢᠯᠡᠨ ᠮᠡᠳᠡᠭᠦᠯᠬᠦ ᠤᠲᠠᠰᠤ ᠢᠢ ᠨᠡᠶᠢᠲᠡᠯᠡᠨ᠂ ᠱᠠᠩᠨᠠᠬᠤ ᠵᠤᠭᠤᠰᠤᠨ ᠤ ᠲᠤᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠬᠦ᠂ ᠬᠤᠷᠢᠭᠯᠠᠨ ᠵᠣᠭᠰᠣᠭᠠᠬᠤ  ᠶᠢ ᠦᠨᠡᠨ ᠬᠦ ᠪᠠᠲᠤᠯᠠᠬᠤ ᠬᠡᠷᠡᠭᠲᠡᠶ︔ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ  ᠶᠢ ᠪᠣᠳᠠᠲᠠᠶᠢᠵᠢᠭᠤᠯᠤᠨ᠂ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠴᠢᠬᠤᠯᠠ ᠶᠡᠭᠡ ᠠᠰᠠᠭᠤᠳᠠᠯ ᠢ ᠰᠶᠢᠳᠪᠦᠷᠢᠯᠡᠬᠦ  ᠶᠢ ᠵᠣᠬᠢᠴᠠᠭᠤᠯᠤᠨ ᠠᠬᠢᠭᠤᠯᠵᠤ᠂ ᠪᠠᠶᠢᠩᠭᠤᠵᠢᠭᠰᠠᠨ ᠬᠠᠮᠢᠶᠠᠷᠤᠯᠲᠠ ᠶᠢᠨ ᠲᠣᠭᠲᠠᠴᠠ   ᠶᠢ ᠪᠠᠶᠢᠭᠤᠯᠤᠨ᠂ ᠮᠠᠨ ᠤ ᠤᠷᠤᠨ ᠤ ᠨᠤᠲᠤᠭ ᠪᠡᠯᠴᠢᠭᠡᠷ ᠪᠠ ᠣᠶ ᠰᠢᠭᠤᠶ ᠶᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ ᠭᠡᠵᠤ ᠱᠠᠭᠠᠷᠳᠠᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ