ᠮᠠᠨ ᠤ ᠤᠷᠤᠨ ᠠᠮᠢ ᠠᠬᠤᠢ ᠤᠷᠴᠢᠨ ᠲᠤᠭᠤᠷᠢᠨ ᠤ ᠡᠬᠢ ᠪᠠᠶᠠᠯᠢᠬ ᠢ ᠡᠪᠳᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ ᠪᠤᠢ
ᠨᠡᠶᠢᠲᠡᠯᠡᠭᠰᠡᠨ ᠴᠠᠭ᠄
2024/6/18
    ᠤᠶᠢᠷ᠎ᠠ ᠳᠤ᠂ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ᠠᠴᠠ 2024 ᠤᠨ ᠤ ︽ᠵᠢᠷᠭᠤᠭᠠᠨ ᠰᠠᠷ᠎ᠠ ᠶᠢᠨ ᠲᠠᠪᠤᠨ ᠤ ᠤᠷᠴᠢᠨ ᠲᠤᠭᠤᠷᠢᠨ ᠤ ᠡᠳᠦᠷ︾ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠤ᠂ ᠪᠦᠬᠦ ᠤᠷᠤᠨ ᠤ ᠠᠮᠢ ᠠᠬᠤᠢ ᠤᠷᠴᠢᠨ ᠲᠤᠭᠤᠷᠢᠨ ᠤ ᠡᠬᠢ ᠪᠠᠶᠠᠯᠢᠬ ᠢ ᠡᠪᠳᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦᠭᠰᠡᠨ ᠠᠵᠢᠯ ᠤᠨ ᠠᠷᠭ᠎ᠠ ᠬᠡᠮᠵᠢᠶ᠎ᠡ ᠪᠤᠯᠤᠨ ᠤᠯᠤᠬᠰᠠᠨ ᠠᠵᠢᠯ ᠤᠨ ᠠᠮᠵᠢᠯᠳᠠ ᠪᠦᠳᠦᠮᠵᠢ ᠶᠢ ᠵᠠᠷᠯᠠᠨ ᠮᠡᠳᠡᠭᠳᠡᠪᠡ᠃   2023 ᠤᠨ ᠠᠴᠠ ᠡᠬᠢᠯᠡᠨ᠂ ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ︽ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠠᠭᠠᠯᠠᠬᠤ ᠠᠵᠢᠯᠯᠠᠭ᠎ᠠ︾ ᠶᠢ ᠦᠷᠨᠢᠬᠦᠯᠦᠨ᠂ ᠠᠮᠢ ᠠᠬᠤᠢ ᠤᠷᠴᠢᠨ ᠲᠤᠭᠤᠷᠢᠨ᠂ ᠤᠢ ᠰᠢᠭᠤᠢ ᠨᠤᠳᠤᠬ ᠪᠡᠯᠴᠢᠭᠡᠷ ᠵᠡᠷᠬᠡ ᠬᠦᠷᠢᠶ᠎ᠠ ᠴᠠᠷᠠᠭ᠎ᠠ ᠶᠢᠨ ᠲᠤᠭᠤᠷᠢᠨ ᠳᠤ ᠲᠤᠪᠤᠶᠢᠮ᠎ᠠ ᠤᠷᠴᠢᠨ ᠲᠤᠭᠤᠷᠢᠨ ᠤ ᠡᠬᠢ ᠪᠠᠶᠠᠯᠢᠬ ᠤᠨ ᠠᠰᠠᠭᠤᠳᠠᠯ ᠢ ᠴᠢᠩᠭ᠎ᠠ ᠠᠳᠬᠤᠵᠤ᠂ ᠤᠷᠴᠢᠨ ᠲᠤᠭᠤᠷᠢᠨ ᠢ ᠪᠤᠬᠢᠷᠳᠤᠭᠤᠯᠤᠬᠰᠠᠨ᠂ ᠲᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠵᠡᠷᠬᠡ ᠠᠮᠢ ᠠᠬᠤᠢ ᠤᠷᠴᠢᠨ ᠲᠤᠭᠤᠷᠢᠨ ᠤ ᠬᠦᠷᠢᠶᠡᠨ ᠤ ᠲᠤᠪᠤᠶᠢᠮ᠎ᠠ ᠶᠠᠯᠠᠳᠤ ᠠᠵᠢᠯᠯᠠᠭ᠎ᠠ ᠳᠤ ᠦᠷᠬᠦᠯᠵᠢᠯᠡᠨ ᠴᠢᠩᠭ᠎ᠠ ᠴᠤᠬᠢᠯᠳᠠ ᠦᠭᠴᠡᠢ᠃ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠢ ᠤᠷᠴᠢᠨ ᠲᠤᠭᠤᠷᠢᠨ ᠵᠡᠷᠬᠡ ᠰᠠᠯᠠᠭ᠎ᠠ ᠮᠦᠴᠢᠷ ᠲᠠᠢ ᠬᠠᠮᠳᠤᠷᠠᠨ ᠨᠡᠷᠡᠳᠦ ᠮᠤᠳᠤ ᠶᠢ ᠤᠬᠳᠤᠯᠤᠬᠰᠠᠨ ᠶᠠᠯᠠᠳᠤ ᠠᠵᠢᠯᠯᠠᠭ᠎ᠠ ᠳᠤ ᠴᠤᠬᠢᠯᠳᠠ ᠦᠭᠴᠦ ᠴᠡᠭᠴᠡᠯᠡᠨ ᠵᠠᠰᠠᠬᠤ ︽ᠬᠠᠪᠤᠷ ᠤᠨ ᠰᠠᠯᠬᠢ 2024︾ ᠠᠵᠢᠯᠯᠠᠭ᠎ᠠ᠂ ᠨᠡᠬᠦᠳᠡᠯ ᠤᠨ ᠰᠢᠪᠠᠭᠤ ᠶᠢ ᠬᠦᠨᠦᠬᠡᠬᠦ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠵᠡᠷᠬᠡ ᠲᠤᠰᠬᠠᠢ ᠠᠵᠢᠯᠯᠠᠭ᠎ᠠ ᠶᠢ ᠦᠷᠨᠢᠬᠦᠯᠵᠡᠢ︔ 4 ᠵᠢᠯ ᠲᠠᠷᠠᠭᠠᠯᠠᠨ ︽ᠬᠠᠳᠤᠨ ᠭᠤᠤᠯ ᠢ ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠤᠨ ᠦᠷᠨᠢᠬᠦᠯᠵᠦ᠂ 2023 ᠤᠨ ᠠᠴᠠ ᠨᠠᠭᠠᠰᠢ ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠤᠷᠴᠢᠨ ᠲᠤᠭᠤᠷᠢᠨ ᠤ ᠡᠬᠢ ᠪᠠᠶᠠᠯᠢᠬ ᠤᠨ ᠬᠦᠷᠢᠶᠡᠨ ᠤ ᠡᠷᠡᠬᠦᠦ ᠶᠢᠨ ᠬᠡᠷᠡᠭ ᠢ 2157 ᠤᠳᠠᠭ᠎ᠠ ᠢᠯᠡᠷᠡᠬᠦᠯᠵᠡᠢ᠃   ᠪᠦᠬᠦ ᠤᠷᠤᠨ ᠤ ᠡᠯ᠎ᠡ ᠱᠠᠳᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ︽ᠲᠤᠰᠬᠠᠢ ᠮᠡᠷᠬᠡᠵᠢᠯ + ᠲᠤᠬᠳᠠᠴᠠ + ᠲᠤᠮᠤ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠬᠳᠠᠭᠠᠨ ᠤ ᠶᠠᠪᠤᠳᠠᠯ ᠤᠨ ᠵᠠᠬᠪᠤᠷ ᠢ ᠬᠡᠷᠡᠭᠵᠢᠬᠦᠯᠵᠦ᠂ ᠤᠮᠠᠷᠠᠳᠤ ᠬᠢᠯᠢ ᠶᠢᠨ ᠤᠨᠴᠠᠯᠢᠬ ᠲᠠᠢ ᠵᠢᠩᠬᠢᠨᠢ ᠪᠠᠶᠢᠯᠳᠤᠭᠠᠨᠴᠢᠯᠠᠬᠰᠠᠨ ᠲᠤᠰᠬᠠᠶᠢᠵᠢᠬᠰᠠᠨ ᠠᠮᠢ ᠠᠬᠤᠢ ᠤᠷᠴᠢᠨ ᠲᠤᠭᠤᠷᠢᠨ ᠤ ᠴᠠᠬᠳᠠᠭᠠᠨ ᠤ ᠶᠠᠪᠤᠳᠠᠯ ᠢ ᠴᠢᠷᠮᠠᠶᠢᠨ ᠴᠤᠬᠴᠠᠯᠠᠵᠠᠢ᠃ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ 2023 ᠤᠨ ᠠᠴᠠ ᠨᠠᠭᠠᠰᠢ ᠬᠠᠳᠤᠨ ᠭᠤᠤᠯ ᠤᠨ ᠰᠠᠪᠠ ᠭᠠᠵᠠᠷ ᠤᠨ ᠡᠷᠡᠬᠦᠦ ᠶᠢᠨ ᠬᠡᠷᠡᠭ ᠢ 1027 ᠤᠳᠠᠭ᠎ᠠ ᠪᠠᠶᠢᠴᠠᠭᠠᠨ ᠰᠶᠢᠳᠪᠦᠷᠢᠯᠡᠵᠡᠢ᠃ ︽ᠭᠤᠤᠯ ᠤᠨ ᠳᠠᠷᠤᠭ᠎ᠠ ᠨᠠᠭᠤᠷ ᠤᠨ ᠲᠠᠷᠤᠭ᠎ᠠ + ᠴᠠᠬᠳᠠᠭ᠎ᠠ ᠶᠢᠨ ᠲᠠᠷᠤᠭ᠎ᠠ︾ ᠶᠢᠨ ᠲᠤᠬᠳᠠᠴᠠ ᠪᠤᠯᠤᠨ ᠰᠠᠯᠠᠭ᠎ᠠ ᠮᠦᠴᠢᠷ ᠤᠨ ᠬᠤᠭᠤᠷᠤᠨᠳᠤᠬᠢ ᠬᠤᠯᠪᠤᠭᠠᠳᠤ ᠬᠤᠷᠠᠯ ᠤᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠤᠤᠯ ᠨᠠᠭᠤᠷ ᠤᠨ ᠠᠮᠤᠷ ᠲᠦᠪᠰᠢᠨ ᠢ ᠡᠪᠳᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ 2023 ᠤᠨ ᠠᠴᠠ ᠨᠠᠭᠠᠰᠢ ᠬᠠᠤᠯᠢ ᠪᠤᠰᠤ ᠪᠠᠷ ᠬᠠᠶᠢᠷ ᠴᠢᠯᠠᠭᠤ ᠮᠠᠯᠳᠠᠬᠰᠠᠨ ᠡᠷᠡᠬᠦᠦ ᠶᠢᠨ ᠬᠡᠷᠡᠭ ᠢ 48 ᠤᠳᠠᠭ᠎ᠠ ᠢᠯᠡᠷᠡᠬᠦᠯᠦᠨ᠂ 95 ᠶᠠᠯ᠎ᠠ ᠶᠢᠨ ᠰᠡᠵᠢᠭᠳᠡᠨ ᠢ ᠪᠠᠷᠢᠪᠴᠢᠯᠠᠵᠠᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ