ᠮᠠᠨ ᠤ ᠤᠷᠤᠨ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2024/6/18
    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ︶ ᠠᠴᠠ ᠤᠶᠢᠯᠠᠭᠠᠭᠰᠠᠨ ᠢᠶᠠᠷ᠂ ᠪᠦᠬᠦ ᠤᠷᠤᠨ ᠤ ᠡᠯ᠎ᠠ ᠱᠠᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠮᠡᠳᠡᠯᠭᠡ ᠶᠢᠨ ᠦᠮᠴᠢᠯᠡᠯ ᠤᠨ ᠡᠷᠬᠡ ᠶᠢ ᠴᠢᠩᠭ᠎ᠠ ᠬᠠᠮᠠᠭᠠᠯᠠᠬᠤ᠂ ᠶᠡᠭᠡ ᠪᠠᠷ ᠬᠠᠮᠠᠭᠠᠯᠠᠬᠤ᠂ ᠲᠦᠷᠭᠡᠨ ᠬᠠᠮᠠᠭᠠᠯᠠᠬᠤ᠂ ᠬᠠᠮᠲᠤ ᠪᠠᠷ ᠬᠠᠮᠠᠭᠠᠯᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠤ ᠪᠠᠶᠢᠨ᠎ᠠ᠃    ᠮᠠᠨ ᠤ ᠤᠷᠤᠨ ᠬᠠᠤᠯᠢ ᠪᠠᠷ ᠵᠠᠰᠠᠬᠤ ᠪᠠᠲᠤᠯᠠᠭ᠎ᠠ ᠶᠢ ᠬᠦᠴᠦᠲᠡᠶ ᠴᠢᠩᠭᠠᠳᠬᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠢ ᠠᠬᠢᠭᠤᠯᠬᠤ ᠪᠠ ᠬᠠᠮᠠᠭᠠᠯᠠᠬᠤ ᠲᠦᠷᠢᠮ︾ ᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠢᠯᠡᠷᠬᠡᠶᠢᠯᠡᠯᠲᠦ ᠲᠡᠮᠳᠡᠭ ᠢ ᠠᠬᠢᠭᠤᠯᠬᠤ ᠪᠠ ᠬᠠᠮᠠᠭᠠᠯᠠᠬᠤ ᠲᠦᠷᠢᠮ︾ ᠤᠨ ᠬᠠᠤᠯᠢ ᠲᠣᠭᠲᠠᠭᠠᠬᠤ ᠠᠵᠢᠯ ᠢ ᠲᠦᠷᠭᠡᠳᠭᠡᠨ ᠠᠬᠢᠭᠤᠯᠵᠤ᠂ ︽ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠠᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠲᠢᠩᠬᠢᠮ ᠤᠨ ᠰᠢᠭᠦᠯᠲᠡ ᠶᠢᠨ ᠳᠦᠷᠢᠮᠵᠢᠯ︾᠂ ︽ᠲᠤᠰᠬᠠᠶ ᠠᠰᠢᠭ ᠢ ᠤᠷᠢᠳᠴᠢᠯᠠᠨ ᠬᠢᠨᠠᠬᠤ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮᠵᠢᠯ︾᠂ ︽ᠠᠮᠢᠳᠤ ᠪᠣᠳᠠᠰ ᠤᠨ ᠬᠦᠷᠢᠶᠡᠨ ᠤ ᠡᠭᠦᠳᠦᠯᠲᠡ ᠶᠢᠨ ᠲᠤᠰᠬᠠᠶ ᠠᠰᠢᠭ ᠢ ᠤᠷᠢᠳᠴᠢᠯᠠᠨ ᠬᠢᠨᠠᠬᠤ ᠭᠤᠶᠤᠴᠢᠯᠠᠯ ᠤᠨ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠳᠦᠷᠢᠮᠵᠢᠯ︾ ᠵᠡᠷᠭᠡ ᠣᠷᠣᠨ ᠨᠤᠲᠤᠭ ᠤᠨ ᠪᠠᠷᠢᠮᠵᠢᠶ᠎ᠠ ᠶᠢ ᠨᠠᠶᠢᠷᠠᠭᠤᠯᠤᠨ ᠲᠣᠭᠲᠠᠭᠠᠪᠠ᠃ ᠡᠬᠦᠨ ᠤ ᠬᠠᠮᠳᠤ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ 2023 ᠣᠨ ᠠᠴᠠ ᠨᠠᠭᠠᠰᠢ ᠪᠥᠬᠦ ᠣᠷᠣᠨ ᠤ ᠪᠠᠶᠢᠴᠠᠭᠠᠨ ᠰᠢᠢᠳᠪᠦᠷᠢᠯᠡᠭᠰᠡᠨ ᠲᠤᠰᠬᠠᠶ ᠠᠰᠢᠭ ᠤᠨ ᠬᠡᠷᠡᠭ 44᠂ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠠᠭᠤᠷᠠᠯᠳᠤᠭᠠᠨ ᠤ ᠬᠡᠷᠡᠭ 46᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠠᠭᠤᠷᠠᠯᠳᠤᠭᠠᠨ ᠢ ᠵᠠᠰᠠᠭ ᠵᠠᠬᠢᠷᠭᠠᠨ ᠤ ᠡᠶᠡᠳᠡᠭᠦᠯᠭᠡ ᠪᠠᠷ ᠬᠠᠤᠯᠢ ᠴᠠᠭᠠᠵᠠ ᠶᠢᠨ ᠨᠤᠲᠠᠯᠠᠯᠲᠠ ᠬᠢᠭᠰᠡᠨ ᠬᠡᠷᠡᠭ 28 ᠪᠠᠶᠢᠵᠤ᠂ ᠬᠡᠪ ᠤᠨ ᠪᠤᠰᠤ ᠲᠤᠰᠬᠠᠶ ᠠᠰᠢᠭ ᠤᠨ ᠭᠤᠶᠤᠴᠢᠯᠠᠯ ᠢ 3150 ᠬᠤᠪᠢ ᠬᠢᠨᠠᠨ ᠪᠠᠶᠢᠴᠠᠭᠠᠵᠤ ᠪᠤᠴᠠᠭᠠᠨ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠵᠤ ᠬᠠᠭᠤᠷᠮᠠᠭᠯᠠᠨ ᠦᠢᠯᠡᠳᠦᠭᠰᠡᠨ 476 ᠬᠡᠷᠡᠭ ᠢ ᠪᠠᠶᠢᠴᠠᠭᠠᠨ ᠰᠶᠢᠳᠬᠡᠪᠠ᠃ ᠪᠠᠰᠠ ᠭᠤᠷᠪᠠᠳᠤᠭᠠᠷ ᠪᠦᠯᠦᠭ ᠤᠯᠤᠰ ᠤᠨ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠠᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠳᠦᠷᠢᠮᠵᠢᠭᠰᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠰᠢᠯᠭᠠᠨ ᠠᠪᠬᠤ ᠠᠵᠢᠯ ᠢ ᠪᠥᠬᠦ ᠲᠠᠯ᠎ᠠ ᠪᠠᠷ ᠪᠡᠯᠡᠳᠬᠡᠵᠦ᠂ 4 ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮᠵᠢᠭᠰᠡᠨ ᠵᠠᠬ᠎ᠠ ᠳᠡᠯᠭᠡᠭᠦᠷ ᠢ ᠪᠠᠶᠢᠭᠤᠯᠪᠠ᠃    ᠪᠦᠬᠦ ᠤᠷᠤᠨ ᠤ ᠭᠠᠵᠠᠷ ᠵᠦᠢ ᠶᠢᠨ ᠢᠯᠡᠷᠬᠡᠶᠢᠯᠡᠯᠲᠦ ᠳᠡᠮᠳᠡᠭ ᠤᠨ ᠬᠠᠮᠠᠭᠠᠯᠠᠯᠲᠠ ᠰᠢᠨ᠎ᠡ ᠳᠡᠭᠲᠡᠷ ᠲᠤ ᠭᠠᠷᠴᠤ᠂ ︽ᠷᠠᠰᠢᠶᠠᠨ ᠤ ᠷᠠᠰᠢᠶᠠᠨ ᠤᠰᠤ︾ ᠭᠠᠵᠠᠷ ᠵᠦᠢ ᠶᠢᠨ ᠢᠯᠡᠷᠬᠡᠶᠢᠯᠡᠯᠲᠦ ᠳᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ ᠢ ᠰᠢᠨ᠎ᠡ ᠪᠠᠷ ᠨᠡᠮᠡᠭᠳᠡᠭᠦᠯᠵᠦ᠂ ︽ᠭᠦᠶᠡᠩ ᠤᠨ ᠬᠤᠨᠴᠢᠷ︾᠂ ︽ᠰᠥᠨᠢᠳ ᠬᠤᠨᠢᠨ ᠮᠢᠬ᠎ᠠ︾ ᠵᠡᠷᠭᠡ ᠶᠢ ᠭᠠᠵᠠᠷ ᠵᠦᠢ ᠶᠢᠨ ᠢᠯᠡᠷᠬᠡᠶᠢᠯᠡᠯᠲᠦ ᠳᠡᠮᠳᠡᠭ ᠤᠨ ᠬᠠᠮᠠᠭᠠᠯᠠᠯᠲᠠ ᠶᠢᠨ ᠢᠨᠵᠧᠨᠧᠷᠢᠩ ᠤᠨ ᠳᠦᠷᠦᠯ ᠵᠦᠢᠯ ᠢᠢᠡᠷ ᠮᠡᠳᠡᠭᠦᠯᠵᠦ᠂ ︽ᠥᠶᠤᠸᠠᠨ ᠤ ᠨᠡᠷᠡᠨ ᠬᠤᠸᠠᠷ︾᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠵᠡᠷᠭᠡ ᠤᠯᠤᠰ ᠤᠨ ᠭᠠᠵᠠᠷ ᠵᠦᠢ ᠶᠢᠨ ᠢᠯᠡᠷᠬᠡᠶᠢᠯᠡᠯᠲᠦ ᠳᠡᠮᠳᠡᠭ ᠤᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠡᠯᠡᠳᠭᠡᠨ ᠪᠠᠶᠢᠭᠤᠯᠵᠤ ᠪᠠᠶᠢᠨ᠎ᠠ᠃ ᠡᠬᠦᠨ ᠤ ᠬᠠᠮᠳᠤ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠵᠢᠯᠴᠠᠨ ᠬᠠᠮᠠᠭᠠᠯᠠᠬᠤ ᠠᠵᠢᠯ ᠰᠢᠨ᠎ᠡ ᠰᠢᠪᠲᠤᠯᠤᠯᠲᠠ ᠲᠠᠢ ᠪᠣᠯᠵᠤ᠂ ᠤᠮᠠᠷᠠᠲᠤ ᠣᠷᠣᠨ ᠤ ᠲᠠᠪᠤᠨ ᠮᠣᠵᠢ᠂ ᠵᠡᠭᠦᠨ ᠬᠤᠶᠢᠲᠤ ᠶᠢᠨ ᠭᠤᠷᠪᠠᠨ ᠮᠣᠵᠢ᠂ ᠬᠠᠳᠤᠨ ᠭᠤᠣᠯ ᠳᠠᠭᠠᠤ ᠵᠢᠰᠦᠨ ᠮᠣᠵᠢ ᠣᠷᠣᠨ ᠯᠤᠭ᠎ᠠ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠬᠠᠮᠲᠤᠷᠠᠯᠴᠠᠭᠠᠨ ᠤ 7 ᠬᠡᠯᠡᠯᠴᠡᠭᠡᠷ ᠲᠣᠭᠲᠠᠪᠠ᠃ ᠤᠳᠤ ᠪᠥᠬᠦ ᠣᠷᠣᠨ 46 ᠮᠡᠳᠡᠯᠭᠡ ᠶᠢᠨ ᠦᠮᠴᠢᠯᠡᠯ ᠤᠨ ᠡᠷᠬᠡ ᠠᠰᠢᠭ ᠤᠨ ᠬᠠᠮᠠᠭᠠᠯᠠᠯᠳᠠ ᠳᠤ ᠲᠤᠰᠠᠯᠠᠬᠤ 46 ᠬᠤᠪᠢᠶᠠᠷᠢ ᠲᠥᠪ ︵ᠠᠵᠢᠯ ᠤᠨ ᠥᠷᠲᠡᠭᠡ︶ ᠲᠠᠢ ᠪᠠᠶᠢᠵᠤ᠂ ᠮᠡᠳᠡᠯᠭᠡ ᠶᠢᠨ ᠦᠮᠴᠢᠯᠡᠯ ᠤᠨ ᠡᠷᠬᠡ ᠠᠰᠢᠭ ᠢᠶᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠠᠵᠢᠯ ᠥᠷᠨᠢᠭᠦᠯᠤᠨ᠂ ᠤᠷᠢᠳ ᠬᠤᠵᠢᠳ 137 ᠬᠤᠪᠢ ᠡᠷᠬᠡ ᠠᠰᠢᠭ ᠢᠶᠠᠨ ᠬᠠᠮᠠᠭᠠᠯᠠᠬᠤ ᠭᠡᠷᠡᠭ ᠲᠤ ᠲᠤᠰᠠᠯᠠᠮᠵᠢ ᠦᠵᠡᠭᠦᠯᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ