ᠮᠠᠨ ᠤ ᠤᠷᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠡᠭᠦᠰᠭᠦ ᠤᠶᠤᠳᠡᠳ ᠲᠤ 2048 ᠠᠵᠢᠯ ᠤᠨ ᠪᠠᠶᠢᠷᠢ ᠬᠠᠩᠭᠠᠪᠠ
ᠨᠡᠶᠢᠲᠡᠯᠡᠭᠰᠡᠨ ᠴᠠᠭ᠄
2024/6/18
    ᠲᠦᠷᠦᠭᠦᠭᠡᠨ᠂ 2024 ᠣᠨ ᠤ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠭᠤᠯᠳᠠ ᠳᠤ ᠬᠦᠴᠦᠨ ᠨᠡᠮᠡᠷᠢᠯᠡᠬᠦ ᠲᠤᠰᠬᠠᠶ ᠲᠠᠯᠠᠪᠤᠷ ᠡᠵᠢᠯᠲᠠᠨ ᠡᠯᠰᠡᠬᠦ ᠴᠤᠬᠯᠠᠭᠠᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠶᠠᠪᠤᠭᠳᠠᠪᠠ᠃ ᠲᠤᠬᠠᠶ ᠶᠢᠨ ᠲᠠᠯᠠᠪᠠᠶ ᠳᠤ᠂ 200 ᠭᠠᠷᠤᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠭᠡᠰᠢᠭᠦᠨ ᠨᠢᠭᠡᠴᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ 2048 ᠠᠵᠢᠯ ᠤᠨ ᠪᠠᠶᠢᠷᠢ ᠬᠠᠩᠭᠠᠪᠠ᠃    ᠲᠤᠰ ᠤᠳᠠᠭ᠎ᠠ ᠶᠢᠨ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠬᠤᠷᠢᠶ᠎ᠠ ᠪᠣᠯᠤᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠬᠤ ᠨᠡᠶᠢᠭᠡᠮᠯᠢᠭ ᠵᠡᠷᠭᠡ ᠣᠯᠠᠨ ᠨᠢᠭᠡᠴᠢ ᠲᠠᠢ ᠬᠠᠮᠲᠤᠷᠠᠨ ᠡᠷᠭᠢᠯᠡᠭᠰᠡᠨ ᠪᠠᠶᠢᠨ᠎ᠠ᠃ ᠠᠵᠢᠯᠲᠠᠨ ᠤᠷᠢᠵᠤ ᠡᠯᠰᠡᠬᠦ ᠴᠤᠬᠯᠠᠭᠠᠨ ᠳᠡᠭᠡᠷ᠎ᠡ᠂ ᠨᠠᠷᠢᠨ ᠪᠢᠴᠢᠭᠡᠴᠢ᠂ ᠮᠠᠰᠢᠨ ᠮᠧᠬᠠᠨᠢᠭ᠂ ᠴᠠᠬᠢᠯᠭᠠᠨ᠂ ᠰᠢᠨ᠎ᠡ ᠡᠨᠧᠷᠭᠢ᠂ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ᠂ ᠡᠵᠡᠩᠨᠡᠯᠲᠡ ᠬᠠᠮᠢᠶᠠᠷᠤᠯᠲᠠ᠂ ᠡᠳ᠋ ᠤᠨ ᠵᠠᠰᠠᠭ ᠠᠵᠤ ᠠᠬᠤᠶ᠂ ᠮᠡᠳᠡᠭᠡ ᠵᠠᠩᠭᠢᠵᠢᠯᠲᠠ ᠵᠡᠷᠭᠡ ᠬᠦᠷᠢᠶᠡᠨ ᠳᠠᠬᠢ ᠠᠵᠢᠯ ᠤᠨ ᠪᠠᠶᠢᠷᠢ ᠬᠠᠩᠭᠠᠵᠤ ᠂ ᠥᠪᠡᠷᠲᠡᠭᠡᠨ ᠵᠠᠰᠠᠬᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠲᠦᠮᠡ ᠭᠠᠷᠤᠶ ᠲᠡᠭᠦᠰᠭᠦ ᠤᠶᠤᠲᠠᠳ ᠰᠦᠯᠵᠢᠶᠡᠨ ᠳᠡᠭᠡᠷ᠎ᠡ ᠪᠤᠶᠤ ᠠᠬᠤᠢ ᠲᠠᠯᠠᠪᠠᠢ ᠳᠤ ᠠᠰᠠᠭᠤᠨ ᠯᠠᠪᠯᠠᠭ᠎ᠠ ᠬᠢᠵᠦ᠂ ᠲᠤᠬᠠᠶ ᠶᠢᠨ ᠲᠠᠯᠠᠪᠠᠶ ᠳᠤ 1089 ᠬᠤᠪᠢ ᠲᠣᠪᠴᠢ ᠨᠠᠮᠲᠠᠷ ᠢᠶᠠᠨ ᠲᠡᠪᠰᠢᠬᠦᠯᠵᠦ᠂ 597 ᠤᠶᠤᠳᠠᠨ ᠠᠩᠬ᠎ᠠ ᠠᠯᠬᠤᠮ ᠤᠨ ᠠᠵᠢᠯ ᠤᠯᠬᠤ ᠰᠠᠨᠠᠮᠵᠢ ᠲᠤᠬᠳᠠᠵᠠᠢ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠬᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ᠄ ︽ᠲᠣᠰ ᠤᠳᠠᠭᠠᠨ ᠤ ᠠᠵᠢᠯᠲᠠᠨ ᠤᠷᠢᠵᠤ ᠡᠯᠰᠡᠬᠦ ᠴᠤᠬᠯᠠᠭᠠᠨ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠥᠷᠭᠡᠨ᠂ ᠭᠡᠰᠢᠭᠦᠨ ᠠᠵᠤ ᠠᠬᠤᠶᠢᠯᠠᠯ ᠣᠯᠠᠨ᠂ ᠠᠵᠢᠯ ᠣᠯᠭᠤᠯᠲᠠ ᠶᠢᠨ ᠣᠷᠣᠨ ᠵᠠᠶ ᠶᠡᠭᠡ ᠵᠡᠷᠭᠡ ᠥᠪᠡᠷᠮᠢᠴᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ ᠭᠡᠰᠢᠭᠦᠨ ᠨᠢᠭᠡᠴᠢ ᠯᠦᠭᠡ ᠢᠳᠡᠪᠬᠢᠲᠡᠶ ᠭᠠᠷ ᠬᠤᠯᠪᠤᠯᠴᠠᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠶᠡᠭᠡ ᠲᠠᠯ᠎ᠠ ᠳᠤ ᠦᠢᠯᠡᠴᠢᠯᠡᠬᠦ ᠶᠢᠨ ᠬᠠᠮᠲᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠭᠡᠰᠢᠭᠦᠨ ᠨᠢᠭᠡᠴᠢ ᠶᠢᠨ ᠬᠥᠭᠵᠢᠯᠲᠡ ᠳᠤ ᠴᠢᠳᠠᠪᠤᠷᠢᠲᠠᠨ ᠡᠯᠰᠡᠵᠦ ᠴᠢᠳᠠᠪᠤᠷᠢᠳᠠᠨ ᠤ ᠬᠦᠴᠦᠨ ᠨᠡᠮᠡᠷᠢᠯᠡᠬᠦ ᠶᠢ ᠬᠦᠳᠦᠯᠦᠨ ᠵᠢᠯᠤᠭᠤᠳᠴᠠᠢ︾ ᠬᠡᠪᠡ᠃    2023 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ   ᠲᠤ ᠠᠵᠢᠯ ᠤᠯᠭᠤᠬᠤ ᠶᠢ ᠳᠡᠮᠵᠢᠬᠦ ᠶᠢ ︽ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠢᠨᠵᠧᠨᠧᠷᠢᠩ ᠤᠨ ᠨᠢᠭᠡ ᠠᠭᠤᠯᠭ᠎ᠠ ᠪᠣᠯᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠬᠠᠷᠢᠶ᠎ᠠ ᠭᠡᠰᠢᠭᠦᠨ ᠨᠢᠭᠡᠴᠢ ᠶᠢ ᠥᠷᠭᠡᠨ ᠢᠶᠠᠷ ᠳᠠᠶᠢᠴᠢᠯᠠᠨ᠂ ᠠᠵᠢᠯ ᠣᠯᠭᠤᠵᠤ ᠠᠵᠢᠯ ᠤᠨ ᠪᠠᠶᠢᠷᠢ ᠬᠠᠨᠭ᠍ᠭᠠᠬᠤ᠂ ᠳᠠᠳᠤᠯᠭ᠎ᠠ ᠬᠢᠬᠦ ᠠᠵᠢᠯ ᠤᠨ ᠪᠠᠶᠢᠷᠢ ᠬᠠᠩᠭᠠᠬᠤ᠂ ᠠᠵᠢᠯ ᠣᠯᠭᠤᠬᠤ ᠲᠠᠪᠴᠠᠩ ᠪᠠᠶᠢᠭᠤᠯᠬᠤ᠂ ᠠᠵᠢᠯ ᠣᠯᠭᠤᠬᠤ ᠵᠢᠯᠣᠭᠤᠳᠣᠯᠭ᠎ᠠ ᠶᠢ ᠴᠢᠩᠭᠠᠳᠬᠠᠬᠤ᠂ ᠠᠵᠢᠯ ᠣᠯᠭᠤᠬᠤ ᠪᠠ ᠤᠷᠢᠵᠤ ᠡᠯᠰᠡᠬᠦ ᠴᠤᠭᠯᠠᠭᠠᠨ ᠡᠷᠭᠢᠯᠡᠬᠦ ᠵᠡᠷᠭᠡ ᠣᠯᠠᠨ ᠠᠷᠭ᠎ᠠ ᠵᠠᠮ ᠢᠶᠠᠷ ᠤᠶᠤᠲᠠᠳ ᠤᠨ ᠠᠵᠢᠯ ᠤᠯᠭᠤᠯᠳᠠ ᠶᠢ ᠠᠬᠢᠭᠤᠯᠪᠠ᠃ ᠣᠳᠣᠬᠠᠨ ᠪᠤᠯᠳᠠᠯ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠡᠯ᠎ᠡ ᠵᠦᠢᠯ ᠤᠨ ᠦᠢᠯᠡᠴᠢᠯᠡᠭᠡᠨ ᠤ ᠠᠵᠢᠯ ᠣᠯᠭᠤᠬᠤ ᠠᠵᠢᠯᠯᠠᠭ᠎ᠠ ᠶᠢ ᠨᠡᠶᠢᠳᠡ 235 ᠤᠳᠠᠭ᠎ᠠ ᠡᠷᠭᠢᠯᠡᠵᠦ᠂ 2.8 ᠲᠦᠮᠡ ᠭᠠᠷᠤᠶ ᠠᠵᠢᠯ ᠤᠨ ᠪᠠᠶᠢᠷᠢ ᠶᠢ ᠨᠡᠶᠢᠲᠡᠯᠡᠵᠦ᠂ 8000 ᠬᠥᠮᠦᠨ ᠤᠳᠠᠭ᠎ᠠ ᠠᠵᠢᠯ ᠣᠯᠭᠤᠬᠤ ᠰᠠᠨᠠᠮᠵᠢ ᠲᠣᠭᠲᠠᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ