ᠠᠮᠢᠳᠤᠷᠠᠯ ᠤᠨ ᠣᠷᠣᠨ ᠵᠠᠢ ᠪᠠ ᠣᠷᠴᠢᠨ ᠲᠣᠭᠤᠷᠢᠨ ᠢᠶᠠᠨ ᠰᠠᠶᠢᠵᠢᠷᠠᠭᠤᠯᠬᠤ ᠶᠢᠨ ᠲᠥᠯᠥᠭᠡ᠂ ᠮᠠᠰᠢ ᠤᠯᠠᠨ ᠭᠡᠷ ᠪᠦᠯᠢ ᠶᠢᠨ ᠬᠢᠨ ᠭᠡᠷ | ᠪᠠᠶᠢᠰᠢᠩ ᠢᠶᠠᠨ ᠵᠠᠰᠠᠵᠤ ᠴᠢᠮᠡᠭᠯᠡᠬᠦ ᠪᠠ ᠬᠡᠰᠡᠭ ᠲᠠᠯ᠎ᠠ ᠶᠢᠨ ᠥᠭᠡᠷᠡᠴᠢᠯᠡᠯᠲᠡ ᠬᠢᠳᠡᠭ᠃ ᠭᠡᠪᠡᠴᠦ ᠵᠠᠰᠠᠨ ᠴᠢᠮᠡᠭᠯᠡᠵᠦ ᠥᠭᠡᠷᠡᠴᠢᠯᠡᠬᠦ ᠶᠠᠪᠤᠴᠠ ᠳᠤ ᠪᠠᠰᠠ | ᠭᠡᠷ ᠪᠠᠶᠢᠰᠢᠩ ᠤᠨ ᠪᠦᠲᠦᠴᠡ ᠶᠢ ᠳᠤᠷ᠎ᠠ ᠪᠠᠷ ᠢᠶᠠᠨ ᠥᠭᠡᠷᠡᠴᠢᠯᠡᠵᠦ᠂ ᠬᠦᠷᠰᠢ ᠵᠡᠷᠭᠡᠯᠡᠳᠡᠭᠡ ᠠᠶᠢᠯ ᠤᠨ ᠢᠶᠠᠨ ᠡᠷᠬᠡ ᠠᠰᠢᠭ ᠢ ᠬᠤᠬᠢᠷᠠᠭᠤᠯᠬᠤ ᠪᠠᠶᠢᠳᠠᠯ | ᠦᠷᠭᠦᠯᠵᠢ ᠭᠠᠷᠳᠠᠭ᠃ | ᠪᠡᠭᠡᠵᠢᠩ ᠬᠤᠲᠠ ᠶᠢᠨ ᠨᠢᠭᠡᠨ ᠰᠠᠭᠤᠭᠠᠯᠢ ᠲᠤᠭᠤᠷᠢᠭ ᠤᠨ 202 ᠭᠡᠷ ᠤᠨ ᠡᠵᠡᠨ ᠵᠠᠩ ᠠᠪᠤᠭᠠᠢ ᠥᠪᠡᠷ ᠤᠨ ᠲᠣᠭᠤᠭᠠᠨ ᠭᠡᠷ ᠤᠨ ᠬᠢᠨᠢ | ᠠᠲᠠᠷ ᠠᠴᠠ ᠤᠰᠤ ᠭᠤᠭᠤᠵᠢᠭᠰᠠᠨ ᠢ ᠣᠯᠵᠤ ᠮᠡᠳᠡᠵᠡᠢ᠃ ᠨᠠᠷᠢᠨ ᠪᠠᠶᠢᠴᠠᠭᠠᠬᠤ ᠪᠠᠷ ᠳᠠᠮᠵᠢᠨ ᠤᠰᠤ ᠨᠢ ᠠᠰᠠᠷ ᠳᠡᠭᠡᠷᠡᠬᠢ 302 ᠭᠡᠷ ᠠᠴᠠ | ᠭᠤᠭᠤᠵᠢᠭᠰᠠᠨ ᠬᠡᠮᠡᠨ ᠲᠡᠷᠡ ᠦᠵᠡᠵᠦ᠂ ᠠᠰᠠᠷ ᠳᠡᠭᠡᠷ᠎ᠡ ᠭᠠᠷᠴᠤ ᠪᠠᠶᠢᠴᠠᠭᠠᠨ ᠦᠵᠡᠭᠰᠡᠨ ᠤ ᠳᠠᠷᠠᠭ᠎ᠠ᠂ ᠥᠪᠡᠷ ᠤᠨ ᠲᠣᠭᠤᠭᠠᠨ ᠭᠡᠷ ᠤᠨ ᠳᠡᠭᠡᠷ᠎ᠡ | ᠲᠠᠯ᠎ᠠ ᠨᠢ ᠲᠡᠭᠡᠷ᠎ᠡ ᠠᠶᠢᠯ ᠤᠨ ᠬᠢᠨᠢ ᠠᠷᠢᠭᠤᠨ ᠴᠡᠪᠡᠷ ᠤᠨ ᠲᠠᠰᠤᠯᠭ᠎ᠠ ᠪᠣᠯᠬᠤ ᠶᠢ ᠣᠯᠵᠤ ᠮᠡᠳᠡᠪᠡ᠃ | ᠤᠤᠯ ᠨᠢ 302 ᠭᠡᠷ ᠤᠨ ᠡᠵᠡᠨ ᠭᠤᠤ ᠠᠪᠤᠭᠠᠢ ᠠᠷᠢᠭᠤᠨ ᠴᠡᠪᠡᠷ ᠤᠨ ᠲᠠᠰᠤᠯᠭ᠎ᠠ ᠶᠢᠨ ᠣᠷᠣᠨ ᠪᠠᠶᠢᠷᠢ ᠶᠢ ᠳᠤᠷ᠎ᠠ ᠪᠠᠷ ᠢᠶᠠᠨ ᠥᠭᠡᠷᠡᠴᠢᠯᠡᠵᠦ᠂ | ᠠᠷᠢᠭᠤᠨ ᠴᠡᠪᠡᠷ ᠤᠨ ᠳᠠᠰᠤᠯᠭ᠎ᠠ ᠪᠠᠨ ᠶᠠᠬ ᠰᠠᠶᠢᠬᠠᠨ ᠵᠠᠩ ᠠᠪᠤᠭᠠᠢ ᠶᠢᠨ ᠬᠡᠷ ᠤᠨ ᠲᠤᠭᠤᠭᠠᠨ ᠬᠡᠷ ᠤᠨ ᠲᠡᠭᠡᠷ᠎ᠡ ᠲᠠᠯ᠎ᠠ ᠳᠤ ᠪᠠᠶᠢᠷᠢᠯᠠᠭᠤᠯᠤᠬᠰᠠᠨ | ᠪᠠᠶᠢᠪᠠ᠃ ᠵᠠᠩ ᠠᠪᠤᠭᠠᠢ ᠶᠢᠨ ᠨᠢᠭᠡ ᠭᠡᠷ ᠤᠨ ᠬᠢᠨ ᠡᠨᠡᠬᠦ ᠪᠠᠶᠢᠳᠠᠯ ᠢ ᠬᠦᠯᠢᠶᠡᠨ ᠠᠪᠬᠤ ᠳᠤ ᠪᠡᠷᠬᠡ ᠪᠠᠶᠢᠵᠤ᠂ ᠬᠡᠳᠦᠨᠳᠡ ᠵᠥᠪᠳᠡᠯᠴᠡᠭᠡᠳ ᠦᠷ᠎ᠡ ᠳ᠋ᠦᠩ | ᠭᠠᠷᠤᠭᠰᠠᠨ ᠦᠭᠡᠢ ᠪᠣᠯᠬᠤᠷ ᠭᠤᠤ ᠣᠪᠣᠭᠲᠤ ᠶᠢ ᠰᠢᠭᠦᠬᠦ ᠬᠤᠷᠢᠶᠠᠨ ᠳᠤ ᠵᠠᠭᠠᠯᠳᠤᠵᠤ᠂ ᠨᠦᠭᠦᠭᠡ ᠡᠲᠡᠭᠡᠳ ᠢᠶᠠᠷ ᠭᠡᠷ ᠪᠠᠶᠢᠰᠢᠩ ᠤᠨ ᠪᠦᠲᠦᠴᠡ ᠶᠢᠨ | ᠪᠠᠶᠢᠷᠢᠰᠢᠯ ᠢ ᠰᠡᠷᠭᠦᠭᠡᠯᠭᠡᠬᠦ ᠪᠠᠷ ᠱᠠᠭᠠᠷᠳᠠᠵᠠᠢ᠃ | ᠲᠡᠭᠡᠪᠡᠯ ᠥᠪᠡᠷ ᠤᠨ ᠭᠡᠷ ᠢᠶᠠᠨ ᠳᠤᠷ᠎ᠠ ᠪᠠᠷ ᠢᠶᠠᠨ ᠵᠠᠰᠠᠵᠤ ᠪᠣᠯᠣᠨ᠎ᠠ ᠦᠦ︖ ︽ᠮᠠᠨ ᠤ ᠤᠯᠤᠰ ᠤᠨ ᠢᠷᠭᠡᠨ ᠤ ᠬᠠᠤᠯᠢ ᠶᠢᠨ ᠪᠢᠴᠢᠭ ᠲᠤ | ᠳᠤᠭᠳᠠᠭᠠᠬᠰᠠᠨ ᠢᠶᠠᠷ᠂ ᠦᠯᠦ ᠬᠥᠳᠡᠯᠬᠦ ᠬᠥᠷᠥᠩᠭᠡ ᠶᠢᠨ ᠬᠥᠷᠰᠢ ᠵᠡᠷᠭᠡᠯᠡᠳᠡᠭᠡ ᠶᠢᠨ ᠡᠷᠬᠡᠲᠦ ᠬᠥᠮᠥᠨ ᠨᠢ ᠦᠢᠯᠡᠳᠪᠦᠷᠢᠯᠡᠯ ᠳᠤ ᠠᠰᠢᠭᠲᠠᠢ᠂ | ᠠᠮᠢᠳᠤᠷᠠᠯ ᠳᠤ ᠲᠦᠬᠦᠮ᠂ ᠪᠦᠯᠬᠦᠮᠳᠡᠨ ᠬᠠᠪᠰᠤᠷᠤᠯᠴᠠᠬᠤ᠂ ᠲᠥᠪ ᠭᠤᠣᠯᠴᠢ ᠵᠦᠢ ᠵᠣᠬᠢᠰᠲᠠᠢ ᠪᠠᠶᠢᠬᠤ ᠵᠠᠷᠴᠢᠮ ᠶᠣᠰᠣᠭᠠᠷ ᠬᠥᠷᠰᠢ ᠵᠡᠷᠭᠡᠯᠡᠳᠡᠭᠡ ᠶᠢᠨ | ᠬᠠᠷᠢᠴᠠᠭ᠎ᠠ ᠪᠠᠨ ᠵᠥᠪ ᠰᠶᠢᠳᠪᠦᠷᠢᠯᠡᠬᠦ ᠬᠡᠷᠡᠭᠲᠡᠢ︾ ᠭᠡᠰᠡᠨ ᠪᠠᠶᠢᠳᠠᠬ ᠭᠡᠵᠦ ᠪᠡᠭᠡᠵᠢᠩ ᠬᠤᠲᠠ ᠶᠢᠨ ᠭᠤᠷᠪᠠᠳᠤᠭᠠᠷ ᠠᠷᠠᠳ ᠤᠨ ᠳᠤᠮᠳᠠ ᠵᠡᠷᠭᠡ ᠶᠢᠨ | ᠰᠢᠭᠦᠬᠦ ᠬᠤᠷᠢᠶᠠᠨ ᠤ ᠰᠢᠭᠦᠬᠴᠢ ᠰᠢᠶᠠ ᠯᠢ ᠬᠡᠯᠡᠬᠦ ᠶᠢᠨ ᠲᠠᠭᠠᠤ ᠭᠡᠷ ᠪᠠᠶᠢᠰᠢᠩ ᠢᠶᠠᠨ ᠥᠭᠡᠷᠡᠴᠢᠯᠡᠵᠦ ᠵᠠᠰᠠᠬᠤ ᠨᠢ ᠬᠡᠷ ᠤᠨ ᠡᠵᠡᠨ ᠤ ᠡᠷᠬᠡ ᠴᠢᠯᠦᠭᠡ | ᠪᠣᠯᠬᠤ ᠪᠣᠯᠪᠠᠴᠤ ᠵᠢᠷᠤᠮᠵᠢᠭᠤᠨ ᠵᠥᠪᠰᠢᠶᠡᠷᠡᠭᠰᠡᠨ ᠬᠡᠪᠴᠢᠶᠡᠨ ᠳᠣᠲᠣᠷ᠎ᠠ ᠪᠠᠶᠢᠬᠤ ᠬᠡᠷᠡᠭᠲᠡᠢ᠃ | ᠣᠷᠣᠨ ᠰᠠᠭᠤᠴᠠ ᠶᠢᠨ ᠵᠢᠷᠤᠭ ᠲᠥᠯᠥᠪᠯᠡᠭᠡ ᠶᠢᠨ ᠵᠢᠷᠤᠮᠵᠢᠯ ᠢ ᠦᠨᠳᠦᠰᠦᠯᠡᠨ᠂ ᠵᠣᠷᠯᠣᠩ ᠢ ᠰᠢᠭᠤᠳ ᠳᠣᠣᠷ᠎ᠠ ᠳᠠᠪᠬᠤᠷᠭ᠎ᠠ ᠶᠢᠨ ᠰᠠᠭᠤᠬᠤ | ᠡᠷᠦᠬᠡ ᠶᠢᠨ ᠤᠨᠲᠠᠬᠤ ᠥᠷᠥᠭᠡ᠂ ᠵᠤᠴᠢᠨ ᠤ ᠦᠷᠦᠬᠡ᠂ ᠲᠣᠭᠤᠭᠠᠨ ᠭᠡᠷ ᠪᠣᠯᠣᠨ ᠬᠤᠭᠤᠯᠠᠨ ᠭᠡᠷ ᠤᠨ ᠳᠡᠭᠡᠳᠦ ᠳᠠᠪᠬᠤᠷᠭ᠎ᠠ ᠳᠤ ᠪᠠᠶᠢᠷᠢᠯᠠᠭᠤᠯᠵᠤ | ᠪᠣᠯᠬᠤ ᠦᠭᠡᠢ᠃ ︽ᠲᠤᠰ ᠵᠦᠢᠯ ᠵᠤᠷᠪᠤᠰ ᠪᠣᠯ ᠠᠯᠪᠠᠳᠠᠯᠭ᠎ᠠ ᠶᠢᠨ ᠴᠢᠨᠠᠷᠲᠠᠢ ᠵᠦᠢᠯ ᠵᠤᠷᠪᠤᠰ ᠲᠤ ᠲᠣᠭᠠᠴᠠᠭᠳᠠᠨ᠎ᠠ︾᠃ ᠰᠢᠭᠦᠬᠦ ᠬᠤᠷᠢᠶ᠎ᠠ | ᠰᠢᠭᠦᠭᠰᠡᠨ ᠤ ᠲᠠᠷᠠᠭ᠎ᠠ᠂ 302 ᠭᠡᠷ ᠤᠨ ᠡᠵᠡᠨ ᠤ ᠭᠡᠷ ᠪᠠᠶᠢᠰᠢᠩ ᠤᠨ ᠪᠦᠲᠦᠴᠡ ᠶᠢ ᠬᠤᠪᠢᠷᠠᠭᠤᠯᠤᠭᠰᠠᠨ ᠠᠵᠢᠯᠯᠠᠭ᠎ᠠ ᠨᠢ ᠲᠣᠭᠲᠠᠭᠠᠯ ᠢ | ᠵᠥᠷᠢᠴᠡᠭᠰᠡᠨ ᠳᠤ ᠲᠣᠭᠠᠴᠠᠭᠳᠠᠨ᠎ᠠ ᠭᠡᠵᠦ ᠦᠵᠡᠭᠡᠳ᠂ ᠭᠤᠤ ᠠᠪᠤᠭᠠᠢ ᠶᠢ ᠭᠡᠷ ᠪᠠᠶᠢᠰᠢᠩ ᠤᠨ ᠠᠷᠢᠭᠤᠨ ᠴᠡᠪᠡᠷ ᠤᠨ ᠲᠠᠰᠤᠯᠭ᠎ᠠ᠂ ᠲᠣᠭᠤᠭᠠᠨ ᠭᠡᠷ ᠤᠨ | ᠪᠦᠲᠦᠴᠡ ᠶᠢ ᠤᠤᠯ ᠪᠠᠶᠢᠳᠠᠯ ᠢᠶᠠᠷ ᠨᠢ ᠰᠡᠷᠭᠦᠭᠡᠯᠭᠡᠬᠦ ᠪᠠᠷ ᠰᠢᠬᠦᠨ ᠳᠠᠰᠤᠯᠵᠠᠢ᠃ | ᠭᠡᠷ ᠲᠤ ᠣᠷᠣᠬᠤ ᠡᠭᠦᠳᠡ ᠶᠢ ᠳᠤᠳᠤᠬᠰᠢ ᠨᠡᠭᠡᠭᠡᠳᠡᠭ ᠪᠠᠶᠢᠬᠰᠠᠨ ᠢ ᠭᠠᠳᠠᠬᠰᠢ ᠨᠡᠬᠡᠬᠡᠬᠦ ᠪᠤᠯᠭᠠᠨ ᠦᠭᠡᠷᠡᠴᠢᠯᠡᠭᠰᠡᠨ ᠰᠦᠢ ᠠᠪᠤᠭᠠᠢ ᠶᠢᠨ ᠬᠢᠳᠡᠯ ᠨᠢ | ᠵᠡᠷᠭᠡᠯᠡᠳᠡᠭᠡ ᠯᠢ ᠠᠪᠤᠭᠠᠢ ᠶᠢᠨ ᠳᠤᠷ᠎ᠠ ᠦᠭᠡᠶᠢᠴᠡᠯ ᠢ ᠬᠦᠷᠬᠡᠵᠡᠢ᠃ ᠰᠦᠢ ᠠᠪᠤᠭᠠᠢ 1505 ᠥᠷᠥᠭᠡᠨ ᠳᠤ᠂ ᠯᠢ ᠠᠪᠤᠭᠠᠢ 1507 ᠥᠷᠥᠭᠡᠨ ᠳᠤ | ᠰᠠᠭᠤᠵᠤ ᠪᠠᠶᠢᠭ᠎ᠠ ᠪᠤᠯᠬᠤᠷ ᠬᠠᠮᠳᠤ ᠨᠢᠬᠡᠨ ᠶᠠᠪᠤᠬᠤ ᠵᠠᠮ ᠢ ᠬᠡᠷᠡᠭᠯᠡᠵᠦ᠂ ᠬᠤᠶᠠᠷ ᠡᠷᠦᠬᠡ ᠶᠢᠨ ᠤᠷᠤᠬᠤ ᠡᠬᠦᠳᠡ ᠨᠢ 90 ᠭᠷᠡᠳᠦ᠋ᠰ ᠤᠨ ᠬᠠᠪᠴᠢᠭᠰᠠᠨ | ᠥᠨᠴᠥᠭ ᠲᠠᠢ᠃ ᠯᠢ ᠠᠪᠤᠭᠠᠢ ᠶᠢᠨ ᠦᠵᠡᠬᠦ ᠪᠠᠷ᠂ ᠰᠦᠢ ᠠᠪᠤᠭᠠᠢ ᠶᠢᠨ ᠭᠡᠷ ᠢᠶᠠᠨ ᠦᠭᠡᠷᠡᠴᠢᠯᠡᠭᠰᠡᠨ ᠨᠢ ᠥᠪᠡᠷ ᠤᠨ ᠶᠠᠪᠤᠵᠤ ᠰᠠᠭᠤᠬᠤ ᠵᠢᠴᠢ ᠠᠮᠤᠷ | ᠲᠦᠪᠰᠢᠨ ᠳᠤ ᠬᠤᠬᠢᠷᠠᠯ ᠤᠴᠠᠷᠠᠭᠤᠯᠤᠬᠰᠠᠨ ᠭᠡᠵᠡᠢ᠃ ᠵᠥᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠪᠠᠶᠢᠳᠠᠯ ᠳᠣᠣᠷ᠎ᠠ᠂ ᠯᠢ ᠠᠪᠤᠭᠠᠢ ᠰᠢᠭᠦᠬᠦ | ᠬᠤᠷᠢᠶᠠᠨ ᠳᠤ ᠵᠠᠭᠠᠯᠳᠤᠨ᠂ ᠬᠡᠷ ᠲᠤ ᠤᠷᠤᠬᠤ ᠡᠭᠦᠳᠡ ᠪᠠᠨ ᠤᠤᠯ ᠶᠠᠩᠵᠤ ᠪᠠᠷ ᠨᠢ ᠦᠭᠡᠷᠡᠴᠢᠯᠡᠬᠦ ᠶᠢ ᠱᠠᠭᠠᠷᠳᠠᠪᠠ᠃ | ᠵᠠᠭᠤᠷᠠᠯᠳᠤᠭᠠᠨ ᠡᠭᠦᠰᠦᠭᠰᠡᠨ ᠤ ᠲᠠᠷᠠᠭ᠎ᠠ᠂ ᠰᠦᠢ ᠠᠪᠤᠭᠠᠢ ᠣᠷᠣᠨ ᠰᠠᠭᠤᠴᠠ ᠶᠢᠨ ᠬᠡᠯᠪᠡᠷᠢ ᠶᠢᠨ ᠵᠢᠷᠤᠭ ᠢ ᠪᠠᠶᠢᠴᠠᠭᠠᠨ ᠦᠵᠡᠬᠦ ᠳᠡᠭᠡᠨ᠂ ᠯᠢ | ᠠᠪᠤᠭᠠᠢ ᠭᠡᠷ ᠤᠨ ᠡᠭᠦᠳᠡ ᠪᠠᠨ ᠰᠢᠯᠵᠢᠭᠦᠯᠵᠦ ᠥᠩᠭᠡᠷᠡᠭᠰᠡᠨ ᠪᠥᠭᠡᠳ ᠤᠤᠯ ᠤᠨ ᠣᠷᠣᠨ ᠪᠠᠶᠢᠷᠢ ᠠᠴᠠ ᠨᠢ 55 ᠰᠠᠨᠲ᠋ᠢᠮᠧᠲᠷ ᠭᠠᠳᠠᠬᠰᠢ ᠲᠦᠯᠬᠢᠵᠦ᠂ | ᠬᠠᠮᠳᠤ ᠨᠡᠶᠢᠳᠡ ᠶᠢᠨ ᠨᠡᠪᠲᠡᠷᠡᠬᠦ ᠵᠠᠮ ᠢ ᠡᠵᠡᠯᠡᠭᠰᠡᠨ ᠢ ᠤᠯᠵᠤ ᠮᠡᠳᠡᠬᠡᠳ᠂ ᠲᠡᠷᠡ ᠳᠠᠷᠤᠢ ᠳᠤᠨᠢ ᠯᠢ ᠠᠪᠤᠭᠠᠢ ᠶᠢᠨ ᠨᠡᠶᠢᠲᠡ ᠶᠢᠨ ᠨᠡᠪᠲᠡᠷᠡᠬᠦ ᠵᠠᠮ ᠢ | ᠡᠵᠡᠯᠡᠨ ᠬᠡᠷᠡᠭᠯᠡᠭᠰᠡᠨ ᠪᠠᠶᠢᠳᠠᠯ ᠳᠤ ᠭᠡᠳᠡᠷᠭᠦ ᠵᠠᠭᠠᠯᠳᠤᠯᠭ᠎ᠠ ᠬᠢᠵᠦ᠂ ᠡᠰᠡᠷᠬᠦ ᠡᠳᠡᠬᠡᠳ ᠢᠶᠠᠷ ᠬᠡᠷ ᠲᠤ ᠤᠷᠤᠬᠤ ᠡᠭᠦᠳᠡ ᠶᠢᠨ ᠤᠤᠯ ᠤᠨ ᠪᠠᠶᠢᠳᠠᠯ ᠢ | ᠰᠡᠷᠭᠦᠭᠡᠯᠬᠡᠬᠦ ᠪᠠᠷ ᠱᠠᠭᠠᠷᠳᠠᠪᠠ᠃ | ︽ᠣᠷᠣᠨ ᠰᠠᠭᠤᠴᠠ ᠶᠢᠨ ᠵᠢᠷᠤᠭ ᠲᠥᠯᠥᠪᠯᠡᠭᠡ ᠳᠤ ᠵᠢᠷᠤᠮᠵᠢᠭᠤᠨ ᠪᠥᠭᠡᠳ ᠲᠣᠳᠣᠷᠬᠠᠢ ᠵᠢᠭᠠᠬᠰᠠᠨ ᠪᠠᠶᠢᠳᠠᠭ᠂ ᠭᠠᠳᠠᠭᠰᠢ ᠨᠡᠭᠡᠭᠡᠬᠦ ᠡᠭᠦᠳᠡ ᠨᠢ | ᠣᠯᠠᠨ ᠨᠡᠶᠢᠲᠡ ᠶᠢᠨ ᠭᠠᠷᠴᠤ ᠤᠷᠤᠬᠤ ᠵᠢᠴᠢ ᠬᠥᠷᠰᠢ ᠵᠡᠷᠭᠡᠯᠡᠳᠡᠭᠡ ᠡᠷᠦᠬᠡ ᠶᠢᠨ ᠡᠭᠦᠳᠡ ᠨᠡᠭᠡᠭᠡᠬᠦ ᠶᠢ ᠬᠠᠷᠰᠢᠯᠠᠵᠤ ᠪᠣᠯᠬᠤ ᠦᠭᠡᠢ᠃ ᠡᠭᠦᠨ ᠤ ᠬᠠᠮᠲᠤ | ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠵᠢᠷᠤᠭ ᠲᠥᠯᠥᠪᠯᠡᠭᠡ ᠳᠤ ᠨᠢᠭᠡᠳᠦᠯᠲᠡᠢ ᠪᠠᠷᠢᠮᠵᠢᠶ᠎ᠠ ᠲᠣᠭᠲᠠᠭᠠᠵᠤ᠂ ᠠᠮᠤᠷ ᠲᠦᠪᠰᠢᠨ ᠤ ᠵᠠᠮ ᠵᠢᠴᠢ ᠠᠰᠠᠷ ᠤᠨ | ᠱᠠᠲᠤᠨ ᠤ ᠬᠤᠭᠤᠷᠣᠨᠳᠣᠬᠢ ᠡᠭᠦᠳᠡ ᠴᠣᠩᠬᠣ᠋ ᠶᠢ ᠬᠦᠢᠴᠡᠳ ᠨᠡᠭᠡᠭᠡᠭᠰᠡᠨ ᠤ ᠳᠠᠷᠠᠭ᠎ᠠ᠂ ᠶᠠᠪᠤᠬᠤ ᠵᠠᠮ ᠵᠢᠴᠢ ᠠᠰᠠᠷ ᠤᠨ ᠱᠠᠲᠤᠨ ᠤ ᠲᠠᠪᠴᠠᠩ ᠤᠨ | ᠲᠠᠷᠬᠠᠭᠠᠬᠤ ᠥᠷᠭᠡᠴᠡ ᠶᠢ ᠨᠥᠯᠥᠭᠡᠯᠡᠵᠦ ᠪᠣᠯᠬᠤ ᠦᠭᠡᠢ︾ ᠭᠡᠵᠦ ᠪᠡᠭᠡᠵᠢᠩ ᠬᠤᠲᠠ ᠶᠢᠨ ᠭᠤᠷᠪᠠᠳᠤᠭᠠᠷ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶᠠᠨ ᠤ ᠰᠢᠭᠦᠭᠴᠢ ᠸᠠᠩ ᠲᠢᠶᠠᠨ ᠱᠦᠢ ᠬᠡᠯᠡᠵᠦ ᠪᠠᠶᠢᠯ᠎ᠠ᠃ | ᠲᠤᠰ ᠬᠡᠷᠡᠭ ᠲᠤ ᠯᠢ ᠠᠪᠤᠭᠠᠢ ᠪᠡᠶ᠎ᠡ ᠪᠠᠨ ᠦᠮᠦᠭᠯᠡᠬᠦ ᠳᠡᠭᠡᠨ᠂ ᠲᠤᠬᠠᠢ ᠶᠢᠨ ᠦᠶ᠎ᠡ ᠳᠤ ᠭᠡᠷ ᠤᠨ ᠡᠭᠦᠳᠡ ᠪᠠᠨ ᠰᠢᠯᠵᠢᠬᠦᠯᠬᠦ ᠳᠤ 1505 | ᠦᠷᠦᠭᠡ ᠶᠢᠨ ᠤᠤᠯ ᠤᠨ ᠡᠵᠡᠨ ᠤ ᠵᠥᠪᠰᠢᠶᠡᠷᠡᠯ ᠢ ᠣᠯᠣᠭᠰᠠᠨ ᠶᠤᠮ᠂ ᠡᠨᠡ ᠨᠢ ᠰᠦᠢ ᠠᠪᠤᠭᠠᠢ ᠶᠢᠨ ᠵᠣᠷᠢᠯᠲᠠ ᠶᠢ ᠡᠰᠡᠷᠭᠦᠴᠡᠵᠦ ᠪᠣᠯᠬᠤ ᠦᠦ︖ ︽ | ᠲᠡᠭᠦᠨ ᠤ ᠦᠢᠯᠡ ᠠᠵᠢᠯᠯᠠᠭ᠎ᠠ ᠨᠢ ᠵᠥᠪᠰᠢᠶᠡᠷᠡᠯ ᠣᠯᠣᠭᠰᠠᠨ ᠪᠤᠯᠪᠠᠴᠤ ᠵᠦᠢ ᠶᠣᠰᠣᠴᠢ ᠴᠢᠨᠠᠷ ᠲᠠᠢ ᠪᠢᠰᠢ︾ ᠭᠡᠵᠦ ᠸᠠᠩ ᠲᠢᠶᠠᠨ ᠱᠦᠢ ᠬᠡᠯᠡᠬᠦ ᠶᠢᠨ | ᠬᠠᠮᠳᠤ᠂ 1505 ᠥᠷᠥᠭᠡ ᠶᠢᠨ ᠤᠤᠯ ᠤᠨ ᠥᠮᠴᠢᠯᠡᠬᠦ ᠡᠷᠬᠡᠲᠦ ᠬᠥᠮᠥᠨ ᠤ ᠵᠥᠪᠰᠢᠶᠡᠷᠡᠯ ᠨᠢ ᠣᠲᠣ ᠶᠢᠨ ᠪᠠᠶᠢᠭ᠎ᠠ ᠥᠮᠴᠢᠯᠡᠬᠦ ᠡᠷᠬᠡᠲᠦ ᠬᠥᠮᠥᠨ ᠰᠦᠢ | ᠠᠪᠤᠭᠠᠢ ᠶᠢᠨ ᠬᠢᠳᠡᠯ ᠢ ᠬᠢᠵᠠᠭᠠᠷᠯᠠᠵᠤ ᠲᠡᠶᠢᠯᠬᠦ ᠦᠭᠡᠢ᠂ ᠯᠢ ᠠᠪᠤᠭᠠᠢ ᠶᠢᠨ ᠣᠯᠠᠨ ᠨᠡᠶᠢᠲᠡ ᠶᠢᠨ ᠨᠡᠪᠲᠡᠷᠡᠬᠦ ᠵᠠᠮ ᠤᠨ ᠣᠷᠣᠨ ᠵᠠᠢ ᠶᠢ ᠰᠢᠬᠠᠨ | ᠡᠵᠡᠯᠡᠭᠰᠡᠨ ᠦᠢᠯᠡ ᠠᠵᠢᠯᠯᠠᠭ᠎ᠠ ᠨᠢ ᠰᠦᠢ ᠠᠪᠤᠭᠠᠢ ᠶᠢᠨ ᠥᠯᠥ ᠬᠥᠳᠡᠯᠬᠦ ᠬᠥᠷᠥᠩᠭᠡ ᠶᠢᠨ ᠪᠣᠳᠠᠰ ᠤᠨ ᠡᠷᠬᠡ ᠪᠠᠨ ᠬᠡᠷᠡᠭᠵᠢᠭᠦᠯᠬᠦ ᠳᠤ ᠬᠠᠷᠰᠢ ᠰᠠᠭᠠᠳ | ᠤᠴᠠᠷᠠᠭᠤᠯᠵᠤ ᠪᠠᠶᠢᠨ᠎ᠠ ᠭᠡᠵᠡᠢ᠃ ᠰᠢᠭᠦᠬᠦ ᠬᠤᠷᠢᠶ᠎ᠠ ᠠᠴᠠ ᠬᠤᠶᠠᠷ ᠲᠠᠯ᠎ᠠ ᠪᠠᠷ ᠢᠶᠠᠨ ᠴᠥᠮ ᠥᠪᠡᠷ ᠥᠪᠡᠷ ᠤᠨ ᠪᠤᠰᠤᠳ ᠢ ᠬᠠᠷᠰᠢᠯᠠᠬᠰᠠᠨ | ᠠᠵᠢᠯᠯᠠᠭ᠎ᠠ ᠪᠠᠨ ᠵᠣᠭᠰᠣᠭᠠᠵᠤ᠂ ᠥᠪᠡᠷᠰᠡᠳ ᠤᠨ ᠭᠡᠷ ᠲᠤ ᠣᠷᠣᠬᠤ ᠡᠭᠦᠳᠡ ᠪᠠᠨ ᠤᠤᠯ ᠪᠠᠶᠢᠳᠠᠯ ᠳᠤᠨᠢ ᠪᠤᠴᠠᠭᠠᠨ ᠰᠡᠷᠬᠦᠬᠡᠬᠦ ᠬᠡᠷᠡᠭᠳᠡᠢ ᠭᠡᠵᠦ ᠰᠢᠬᠦᠨ | ᠳᠠᠰᠤᠯᠵᠠᠢ᠃ | ᠪᠡᠭᠡᠵᠢᠩ ᠬᠤᠲᠠ ᠶᠢᠨ ᠭᠤᠷᠪᠠᠳᠤᠭᠠᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠ ᠰᠠᠨᠠᠭᠤᠯᠬᠤ ᠳᠠᠭᠠᠨ᠂ ᠠᠰᠠᠷ ᠢ ᠥᠭᠡᠷᠡᠴᠢᠯᠡᠨ | ᠰᠢᠨᠡᠳᠬᠡᠬᠦ ᠵᠢᠷᠤᠭ ᠲᠥᠯᠥᠪᠯᠡᠭᠡ ᠶᠢᠨ ᠲᠥᠰᠥᠯ ᠳᠤ ᠪᠦᠲᠦᠴᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠲᠤᠯᠭᠠᠭᠤᠷ ᠬᠡᠷᠡᠮ᠂ ᠨᠢᠷᠤᠭᠤᠨ ᠤ | ᠲᠤᠯᠭᠠᠭᠤᠷ ᠵᠡᠷᠭᠡ ᠵᠠᠩᠭᠢᠯᠠᠭ᠎ᠠ ᠶᠢᠨ ᠪᠦᠲᠦᠴᠡ ᠶᠢᠨ ᠲᠣᠨᠣᠭᠯᠠᠭᠠᠰᠤ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠨᠤᠷᠠᠭᠠᠵᠤ ᠪᠣᠯᠬᠤ ᠦᠭᠡᠢ︔ | ᠲᠣᠭᠤᠭᠠᠨ ᠭᠡᠷ᠂ ᠠᠷᠢᠭᠤᠨ ᠴᠡᠪᠡᠷ ᠤᠨ ᠲᠠᠰᠤᠯᠭ᠎ᠠ ᠵᠡᠷᠭᠡ ᠣᠨᠴᠠᠭᠠᠶ ᠦᠢᠯᠡᠳᠦᠯ ᠲᠠᠢ ᠣᠷᠣᠨ ᠤ ᠤᠷᠤᠨ ᠪᠠᠶᠢᠷᠢ ᠶᠢ ᠳᠤᠷ᠎ᠠ ᠪᠠᠷ ᠢᠶᠠᠨ ᠰᠣᠯᠢᠵᠤ ᠪᠣᠯᠬᠤ | ᠦᠭᠡᠢ᠃ | ︵︽ᠠᠷᠠᠳ ᠤᠨ ᠡᠳᠦᠷ ᠤᠨ ᠰᠣᠨᠢᠨ︾ ᠠᠴᠠ ᠤᠷᠴᠢᠭᠤᠯᠤᠨ ᠨᠠᠶᠢᠷᠠᠭᠤᠯᠪᠡ︶ | |