ᠣᠲᠣ ᠤᠷᠠᠳ ᠤᠨ ᠡᠮᠦᠨᠡᠲᠦ ᠬᠤᠰᠢᠭᠤᠨ ᠤ ᠯᠢᠦ ᠠᠶ ᠫᠢᠩ ᠵᠡᠷᠭᠡ 68 ᠨᠥᠬᠦᠷ ᠢ ᠤᠷᠢᠵᠤ ᠬᠡᠷᠡᠭᠯᠡᠬᠦ ᠪᠠᠷ ᠪᠠᠶᠢᠭ᠎ᠠ ᠲᠤᠰᠬᠠᠶ ᠮᠡᠷᠭᠡᠵᠢᠯ ᠤᠨ | ᠳᠥᠷᠪᠡᠳᠦᠭᠡᠷ ᠳᠡᠰ ᠤᠨ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠬᠦ ᠬᠦᠰᠦᠨᠦᠭᠲᠦ ᠶᠢ ᠵᠠᠷᠯᠠᠨ ᠨᠡᠶᠢᠲᠡᠯᠡᠶ᠎ᠡ᠂ ᠵᠠᠷᠯᠠᠨ ᠨᠡᠶᠢᠲᠡᠯᠡᠬᠦ ᠬᠤᠭᠤᠴᠠᠭᠠᠨ ᠳᠤ | ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠮᠠᠶ᠋ᠢᠭ ᠢᠶᠠᠷ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠠᠰᠠᠭᠤᠳᠠᠯ ᠢ ᠲᠤᠰᠬᠠᠵᠤ ᠪᠣᠯᠤᠨ᠎ᠠ᠃ ᠠᠰᠠᠭᠤᠳᠠᠯ ᠢ | ᠲᠤᠰᠬᠠᠬᠤ ᠳᠠᠭᠠᠨ ᠦᠨᠡᠨ ᠠᠴᠠ ᠵᠥᠪ ᠢ ᠡᠷᠢᠬᠦ ᠶᠢᠨ ᠬᠠᠮᠲᠤ ᠪᠢᠴᠢᠭ ᠤᠨ ᠮᠠᠲ᠋ᠧᠷᠢᠶᠠᠯ ᠳᠠᠭᠠᠯᠳᠤᠭᠤᠯᠵᠤ᠂ ᠦᠨᠡᠨ ᠪᠣᠳᠠᠲᠠᠶ ᠣᠪᠣᠭ ᠨᠡᠷ᠎ᠡ᠂ | ᠬᠠᠷᠢᠯᠴᠠᠬᠤ ᠤᠲᠠᠰᠤ ᠪᠢᠴᠢᠵᠦ᠂ ᠪᠢᠳᠡᠨ ᠤ ᠬᠢᠨᠠᠨ ᠪᠠᠶᠢᠴᠠᠭᠠᠬᠤ ᠳᠤ ᠲᠥᠬᠦᠮ ᠦᠵᠡᠭᠦᠯᠬᠦ ᠬᠡᠷᠡᠭᠲᠡᠶ᠃ ᠵᠠᠷᠯᠠᠨ ᠨᠡᠶᠢᠲᠡᠯᠡᠬᠦ ᠴᠠᠭ᠄ 2024 ᠣᠨ ᠤ 6 | ᠰᠠᠷ᠎ᠠ ᠶᠢᠨ 26 ᠤ ᠡᠳᠦᠷ ᠠᠴᠠ 2024 ᠣᠨ ᠤ 7 ᠰᠠᠷ᠎ᠠ ᠶᠢᠨ 2 ᠤᠨ ᠡᠳᠦᠷ ᠪᠣᠯᠲᠠᠯ᠎ᠠ᠃ | ᠢᠯᠡᠴᠢᠯᠡᠨ ᠮᠡᠳᠡᠭᠦᠯᠬᠦ ᠤᠲᠠᠰᠤ᠄ 0478 — 3267866 ︵ᠲᠤᠰᠬᠠᠶ ᠮᠡᠷᠭᠡᠵᠢᠯ ᠤᠨ ᠲᠠᠰᠤᠭ︶ | ᠳᠠᠭᠠᠯᠳᠤᠭᠤᠯᠤᠯ᠄ ᠤᠷᠠᠳ ᠤᠨ ᠡᠮᠦᠨᠡᠲᠦ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠳᠥᠷᠪᠡᠳᠦᠭᠡᠷ ᠳᠡᠰ ᠤᠨ | ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠭᠡᠵᠦ ᠪᠠᠶᠢᠭ᠎ᠠ ᠠᠵᠢᠯᠲᠠᠨ ᠤ ᠨᠡᠷ᠎ᠡ ᠮᠡᠳᠡᠭᠦᠯᠬᠦ ᠨᠡᠷ᠎ᠡ ᠶᠢᠨ ᠬᠦᠰᠦᠨᠦᠭᠲᠦ᠃ | | ᠤᠷᠠᠳ ᠤᠨ ᠡᠮᠦᠨᠡᠲᠦ ᠬᠤᠰᠢᠭᠤᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | 2024 ᠣᠨ ᠤ 6 ᠰᠠᠷ᠎ᠠ ᠶᠢᠨ 25 ᠤ ᠡᠳᠦᠷ |