ᠪᠠᠰᠠ ᠨᠢᠭᠡᠨ ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠪᠠᠷ᠂ ᠤᠩᠰᠢᠯᠭ᠎ᠠ ᠶᠢᠨ ᠲᠤᠬᠠᠢ ᠶᠠᠷᠢᠶ᠎ᠠ ᠵᠣᠭᠤᠭ ᠣᠯᠠᠰᠢᠷᠠᠭᠠᠳ ᠢᠷᠡᠬᠦ ᠨᠢ | ᠲᠡᠷᠡ᠃ ᠮᠡᠳᠡᠯᠭᠡ ᠭᠡᠰᠡᠭᠷᠡᠵᠦ ᠮᠡᠳᠡᠭᠡ ᠵᠠᠩᠭᠢ ︽ᠳᠡᠯᠪᠡᠷᠡᠭᠰᠡᠨ︾ ᠡᠨᠡ ᠴᠠᠭ ᠦᠶ᠎ᠡ ᠳᠤ ᠲᠤᠰᠬᠠᠶᠢᠯᠠᠨ ᠴᠠᠭ ᠭᠠᠷᠭᠠᠵᠤ ᠨᠣᠮ ᠤᠩᠰᠢᠵᠤ ᠰᠠᠭᠤᠬᠤ | ᠬᠥᠮᠥᠰ ᠴᠥᠭᠡᠷᠡᠭᠰᠡᠨ ᠨᠢ ᠢᠯᠡᠳᠲᠡ᠃ ᠬᠤᠷᠭᠤ ᠳᠦᠭᠦᠷᠲᠡᠯ᠎ᠡ ᠵᠡᠷᠭᠡᠯᠡᠭᠰᠡᠨ ᠨᠣᠮ ᠤᠳ ᠠᠴᠠ ᠪᠠᠨ ᠭᠠᠷᠭᠠᠨ ᠠᠪᠴᠤ ᠨᠠᠮ ᠰᠠᠭᠤᠵᠤ ᠠᠮᠲᠠᠷᠬᠠᠨ | ᠤᠩᠰᠢᠬᠤ ᠤᠳᠠᠭ᠎ᠠ ᠳᠠᠩᠴᠤ ᠴᠥᠭᠡᠨ ᠭᠡᠬᠦ ᠳᠤ᠂ ᠭᠡᠷ ᠲᠡᠭᠡᠨ ᠣᠷᠣᠮᠠᠭᠴᠠ ᠭᠠᠷ ᠤᠨ ᠠᠶ᠎ᠠ ᠪᠠᠷ ᠭᠠᠷ ᠤᠲᠠᠰᠤ ᠪᠠᠨ ᠳᠡᠯᠭᠡᠵᠦ ᠨᠢᠭᠡ ᠬᠤᠶᠠᠷ ᠴᠠᠭ ᠢ | ᠦᠯᠦ ᠮᠡᠳᠡᠭ ᠤᠨ ᠬᠤᠭᠤᠷᠣᠨᠳᠤ ᠥᠩᠭᠡᠷᠡᠭᠦᠯᠵᠦ ᠭᠠᠷᠬᠤ ᠨᠢ ᠨᠡᠯᠢᠶᠡᠳ ᠬᠥᠮᠥᠰ ᠤᠨ ᠵᠤᠷᠰᠢᠯ ᠭᠡᠮᠡᠷ ᠪᠣᠯᠤᠭᠰᠠᠨ ᠨᠢ ᠡᠭᠦᠨ ᠤ ᠨᠢᠭᠡ ᠵᠢᠱᠢᠶ᠎ᠡ ᠪᠠᠶᠢᠯᠲᠠᠢ᠃ | ᠭᠠᠷ ᠤᠲᠠᠰᠤ ᠭᠠᠵᠠᠷ ᠶᠡᠭᠡ ᠠᠪᠤᠭᠰᠠᠨ ᠥᠨᠥᠳᠥᠷ ᠤᠷᠮ᠎ᠠ ᠪᠠᠬ᠎ᠠ ᠳᠤ ᠴᠢᠨᠢ ᠵᠣᠬᠢᠴᠠᠭᠤᠯᠤᠭᠰᠠᠨ ᠠᠭᠤᠯᠭ᠎ᠠ ᠪᠠᠷ ᠪᠠᠶᠠᠯᠢᠭ ᠴᠠᠬᠢᠮ ᠸᠢᠳᠢᠤ᠋ | ᠪᠢᠴᠢᠯᠭᠡ ᠠᠴᠠ ᠠᠪᠤᠭᠠᠳ ᠨᠢᠳᠦᠨ ᠡᠮᠦᠨ᠎ᠡ ᠴᠢᠨᠢ ᠪᠠᠶᠢᠬᠤ ᠶᠤᠮ ᠰᠢᠭ᠋ ᠰᠠᠨᠠᠭᠳᠠᠭᠤᠯᠳᠠᠭ ᠶᠠᠩᠵᠤ ᠪᠦᠷᠢ ᠶᠢᠨ ᠰᠢᠭᠤᠳ ᠨᠡᠪᠲᠡᠷᠡᠭᠦᠯᠭᠡ ᠶᠢ | ᠪᠠᠭᠲᠠᠭᠠᠭᠰᠠᠨ ᠲᠠᠯᠠᠢ ᠶᠡᠭᠡ ᠮᠡᠳᠡᠭᠡ ᠵᠠᠩᠭᠢ ᠬᠠᠷᠠᠭ᠎ᠠ ᠰᠣᠨᠣᠷ ᠢ ᠳᠠᠮᠵᠢᠭᠠᠳ ᠬᠥᠮᠥᠰ ᠢ ︽ᠣᠯᠵᠠᠯᠠᠵᠤ︾ ᠪᠠᠶᠢᠬᠤ ᠨᠢ ᠮᠡᠳᠡᠭᠡᠵᠢ᠃ ᠪᠦᠷᠢᠳᠬᠡᠯ ᠢᠶᠠᠷ᠂ | ᠨᠢᠳᠤᠨᠤᠨ ᠳᠤᠮᠳᠠᠳᠤᠴᠤᠳ ᠤᠨ ᠡᠳᠦᠷ ᠳᠤᠮᠳᠠᠴᠢ ᠶᠢᠨ ᠭᠠᠷ ᠤᠲᠠᠰᠤ ᠱᠠᠭᠠᠶᠢᠵᠤ ᠪᠠᠶᠢᠭ᠎ᠠ ᠴᠠᠭ 7.2 ᠬᠦᠷᠴᠦ ᠪᠠᠶᠢᠨ᠎ᠠ ᠭᠡᠵᠦ ᠪᠤᠢ᠃ | ᠭᠠᠷ ᠤᠲᠠᠰᠤ ᠨᠢ ᠨᠢᠭᠡᠨᠲᠡ ᠤᠩᠰᠢᠯᠭ᠎ᠠ ᠳᠤ ᠬᠡᠴᠡᠭᠦᠦ ᠥᠷᠢᠰᠦᠯᠳᠦᠭᠡᠨ ᠠᠪᠴᠢᠷᠠᠭᠰᠠᠨ ᠨᠢ ᠭᠠᠷᠴᠠᠭ᠎ᠠ ᠦᠭᠡᠢ᠃ ᠡᠶᠢᠮᠦ ᠳᠡᠭᠡᠨ ᠨᠣᠮ | ᠤᠩᠰᠢᠬᠤ ᠶᠢ ᠵᠠᠷᠢᠮ ᠬᠥᠮᠥᠰ ︽ᠤᠷᠤᠭᠤᠯᠤᠯᠳᠠ ᠪᠠᠭ᠎ᠠ᠂ ᠣᠯᠣᠯᠲᠠ ᠶᠡᠭᠡ︾ ︵ᠠᠳᠡ ᠬᠡᠯᠡᠵᠦ ᠪᠠᠶᠢᠭ᠎ᠠ ᠤᠷᠤᠭᠤᠯᠤᠯᠳᠠ ᠨᠢ ᠵᠣᠭᠤᠰ ᠮᠥᠩᠭᠦᠨ ᠤ | ᠤᠷᠤᠭᠤᠯᠤᠯᠳᠠ᠂ ᠣᠯᠣᠯᠲᠠ ᠨᠢ ᠤᠶᠤᠨ ᠰᠠᠨᠠᠭᠠᠨ ᠤ ᠬᠦᠷᠲᠡᠮᠵᠢ ᠶᠢ ᠵᠢᠭᠠᠵᠤ ᠪᠤᠢ︶ ᠭᠡᠬᠦ ᠳᠤ᠂ ᠵᠠᠷᠢᠮᠠᠳ ᠨᠢ ᠤᠳᠤ ᠬᠡᠷᠡᠭᠴᠡᠭᠡ ᠲᠠᠢ ᠮᠡᠳᠡᠭᠡ ᠵᠠᠩᠭᠢ᠂ | ᠮᠡᠳᠡᠯᠭᠡ ᠶᠢ ᠪᠦᠷ ᠰᠦᠯᠵᠢᠶᠡᠨ ᠠᠴᠠ ᠬᠠᠶᠢᠵᠤ ᠪᠣᠯᠣᠨ᠎ᠠ᠂ ᠨᠣᠮ ᠤᠩᠰᠢᠬᠤ ᠨᠢ ᠴᠠᠭ ᠤᠨ ᠭᠠᠷᠤᠵᠠ ᠭᠡᠬᠦ ᠣᠨᠳᠣᠣ ᠦᠵᠡᠯᠲᠡ ᠲᠠᠢ ᠴᠦ ᠪᠠᠶᠢᠳᠠᠭ᠃ | ᠦᠨᠡᠨᠳᠡᠭᠡᠨ᠂ ᠠᠵᠢᠯ ᠠᠮᠢᠳᠤᠷᠠᠯ ᠳᠤ ᠲᠣᠬᠢᠶᠠᠯᠳᠤᠬᠤ ᠡᠭᠡᠳᠡᠷᠡᠭᠡ ᠶᠢ ᠪᠠᠭᠲᠠᠭᠠᠭᠰᠠᠨ ᠠᠯᠢ ᠤᠯᠠᠨ ᠠᠰᠠᠭᠤᠳᠠᠯ ᠠᠰᠠᠭᠤᠯᠳᠠ ᠶᠢᠨ ᠬᠠᠷᠢᠭᠤᠯᠲᠠ ᠶᠢ | ᠨᠣᠮ ᠠᠴᠠ ᠡᠷᠢᠵᠦ ᠣᠯᠵᠤ ᠪᠤᠯᠳᠠᠬ ᠢᠶᠠᠷ ᠢᠶᠠᠨ ᠨᠣᠮ ᠳᠤ ᠤᠨᠴᠠᠭᠠᠢ ᠰᠢᠳᠢ ᠲᠠᠢ᠃ ᠨᠣᠮ ᠠᠴᠠ ᠡᠷᠲᠡᠨ ᠡᠳᠦᠭᠡ ᠭᠠᠳᠠᠭᠠᠳᠤ ᠳᠣᠲᠣᠭᠠᠳᠤ ᠶᠢᠨ ᠬᠢ ᠶᠢ | ᠲᠣᠯᠢᠳᠠᠵᠤ᠂ ᠣᠯᠣᠯᠲᠠ ᠠᠯᠳᠠᠭᠳᠠᠯ᠂ ᠤᠯᠠᠷᠢᠯ ᠬᠤᠪᠢᠷᠠᠯ ᠢ ᠰᠡᠩᠬᠡᠷᠡᠵᠦ ᠪᠤᠯᠳᠠᠬ ᠢᠶᠠᠷ ᠦᠯᠢᠳᠭᠡᠰᠢ ᠦᠭᠡᠢ ᠬᠦᠴᠦᠨ ᠴᠢᠳᠠᠯ ᠨᠢᠭᠤᠭᠳᠠᠵᠤ ᠪᠠᠶᠢᠳᠠᠭ᠃ | ᠡᠶᠢᠮᠦ ᠳᠡᠭᠡᠨ ᠰᠠᠶᠢᠨ ᠨᠣᠮ ᠢ ᠭᠦᠨ ᠤᠩᠰᠢᠬᠤ ᠶᠢ ᠪᠠᠷᠢᠮᠲᠠᠯᠠᠵᠤ ᠴᠢᠳᠠᠪᠠᠯ᠂ ᠬᠥᠮᠥᠨ ᠤ ᠰᠡᠳᠬᠢᠬᠦ ᠴᠢᠳᠠᠪᠤᠷᠢ᠂ ᠤᠬᠠᠪᠤᠷᠢᠯᠠᠬᠤ ᠴᠢᠳᠠᠪᠤᠷᠢ᠂ | ᠮᠠᠭᠠᠳᠯᠠᠬᠤ ᠴᠢᠳᠠᠪᠤᠷᠢ ᠠᠶᠠᠨᠳᠠᠭᠠᠨ ᠳᠡᠭᠡᠭᠰᠢᠯᠡᠬᠦ ᠶᠢᠨ ᠤᠯᠠᠮ ᠢᠶᠠᠷ ᠡᠷᠳᠡᠮ ᠪᠣᠯᠪᠠᠰᠤᠷᠠᠯ ᠴᠦ ᠳᠡᠭᠡᠭᠰᠢᠯᠡᠵᠦ ᠴᠢᠳᠠᠬᠤ ᠨᠢ ᠯᠠᠪᠲᠠᠢ᠃ ᠨᠠᠶᠢᠵᠠ ᠠᠴᠠ | ᠰᠣᠨᠣᠰᠤᠭᠰᠠᠨ ᠨᠢᠭᠡᠨ ᠶᠠᠪᠤᠳᠠᠯ ᠢ ᠬᠤᠪᠢᠶᠠᠯᠴᠠᠪᠠᠯ᠄ ᠬᠤᠶᠠᠷ ᠨᠢᠭᠡᠴᠢ ᠶᠢᠨ ᠬᠢᠨ ᠤ ᠠᠭᠤᠯᠵᠠᠨ ᠶᠠᠷᠢᠯᠴᠠᠬᠤ ᠬᠤᠷᠠᠯ ᠳᠡᠭᠡᠷ᠎ᠡ᠂ ᠲᠡᠭᠦᠨ ᠤ ᠨᠢᠭᠡ ᠬᠠᠮᠲᠤ | ᠠᠵᠢᠯᠯᠠᠭᠴᠢ ᠨᠢ ᠶᠠᠷᠢᠯᠴᠠᠭᠠᠨ ᠤ ᠠᠭᠤᠯᠭ᠎ᠠ ᠶᠢᠨ ᠬᠠᠮᠢᠶᠠᠲᠠᠢ ᠨᠣᠮ ᠢ ᠤᠯᠠᠨ ᠤ ᠡᠮᠦᠨ᠎ᠡ ᠭᠠᠷᠭᠠᠨ ᠦᠵᠡᠭᠦᠯᠭᠦ ᠶᠢᠨ ᠬᠠᠮᠲᠤ ᠡᠨᠡ ᠲᠤᠬᠠᠢ ᠤᠴᠢᠷᠯᠠᠵᠤ | ᠭᠠᠷᠬᠤ ᠳᠤ᠂ ᠲᠤᠰᠬᠠᠢ ᠮᠡᠷᠭᠡᠵᠢᠯ ᠢᠶᠠᠷ ᠢᠶᠠᠨ ᠠᠵᠢᠯ ᠲᠦᠷᠦᠯ ᠤᠨ ᠢᠶᠠᠨ ᠳᠣᠲᠣᠷ᠎ᠠ ᠣᠷᠦ᠋ᠢᠯᠠᠵᠤ ᠶᠠᠪᠤᠭ᠎ᠠ ᠨᠦᠭᠦᠭᠡ ᠲᠠᠯ᠎ᠠ ᠶᠢᠨ ᠬᠢᠨ ᠨᠢᠭᠡ ᠶᠡᠭᠡ | ᠭᠠᠶᠢᠬᠠᠵᠤ ᠪᠢᠰᠢᠷᠡᠭᠰᠡᠨ ᠬᠠᠷᠠᠴᠠ ᠪᠠᠷ ᠬᠠᠷᠠᠭᠰᠠᠨ ᠭᠡᠳᠡᠭ᠃ ᠥᠨᠥ ᠬᠠᠮᠲᠤ ᠠᠵᠢᠯᠯᠠᠭᠴᠢ ᠨᠢ ᠲᠣᠮᠣ ︽ᠨᠣᠮ ᠤᠨ ᠬᠤᠷᠣᠬᠠᠢ︾ ᠪᠠᠶᠢᠭᠰᠠᠨ ᠠᠴᠠ ᠰᠠᠶ᠋ᠢ | ᠶᠠᠷᠢᠬᠤ᠂ ᠪᠢᠴᠢᠬᠦ ᠠᠯᠢ ᠴᠦ ᠲᠠᠯ᠎ᠠ ᠪᠠᠷ ᠤᠯᠠᠨ ᠠᠴᠠ ᠣᠷᠦ᠋ᠢᠯᠠᠭᠰᠠᠨ ᠢ ᠨᠠᠶᠢᠵᠠ ᠮᠠᠨᠢ ᠬᠤᠶᠢᠨ᠎ᠠ ᠨᠢ ᠰᠠᠶ᠋ᠢ ᠮᠡᠳᠡᠭᠰᠡᠨ ᠠᠵᠢ᠃ ᠠᠶᠢᠵᠠᠮ | ᠲᠦᠷᠭᠡᠰᠦᠭᠰᠡᠨ ᠠᠵᠢᠯ ᠠᠮᠢᠳᠤᠷᠠᠯ ᠤᠨ ᠳᠤᠮᠳᠠ᠂ ᠨᠣᠮ ᠤᠩᠰᠢᠬᠤ ᠨᠢ ᠪᠤᠬᠢᠨᠢᠳᠤᠯ ᠢ ᠦᠯᠳᠡᠵᠦ ᠳᠠᠷᠤᠭᠠᠰᠤ ᠶᠢ ᠮᠠᠷᠲᠠᠭᠤᠯᠬᠤ ᠨᠢᠭᠡ ᠰᠠᠶᠢᠨ ᠰᠡᠯᠡᠭᠦᠴᠡᠯ | ᠪᠤᠯᠳᠠᠬ᠃ ᠥᠭᠦᠯᠡᠯᠭᠡ ᠲᠤᠭᠤᠵᠢ᠂ ᠰᠢᠯᠦᠭ ᠨᠠᠶᠢᠷᠠᠭᠤᠯᠤᠯ᠂ ᠰᠣᠨᠢᠨ ᠰᠡᠳᠬᠦᠯ ᠤᠳ ᠨᠢ ᠬᠥᠮᠥᠰ ᠲᠤ ᠤᠶᠤᠨ ᠤ ᠰᠢᠮ᠎ᠡ ᠬᠦᠷᠲᠡᠭᠡᠳᠡᠭ᠃ ᠠᠵᠢᠯᠯᠠᠵᠤ | ᠠᠮᠠᠷᠠᠬᠤ ᠴᠠᠭ ᠠᠴᠠ ᠭᠠᠳᠠᠨᠠᠬᠢ ᠬᠡᠮᠵᠢᠶ᠎ᠡ ᠲᠠᠢ ᠴᠠᠭ ᠢᠶᠠᠨ ᠵᠠᠶᠢᠴᠢᠯᠠᠵᠤ ᠳᠤᠷᠠᠲᠠᠢ ᠨᠣᠮ ᠢᠶᠠᠨ ᠤᠩᠰᠢᠵᠤ ᠰᠠᠭᠤᠬᠤ ᠨᠢ ᠨᠣᠮ ᠤᠨ ᠪᠠᠭ᠋ᠠᠲᠠᠳ ᠲᠤ | ᠠᠪᠴᠤ ᠬᠡᠯᠡᠪᠡᠯ ᠨᠢᠭᠡ ᠶᠣᠰᠣᠨ ᠤ ᠵᠢᠷᠭᠠᠯ ᠪᠠᠶᠢᠵᠤ ᠲᠠᠭᠠᠷᠠᠨ᠎ᠠ᠃ | ᠨᠣᠮ ᠤᠩᠰᠢᠬᠤ ᠪᠣᠯ ᠨᠢᠭᠡ ᠵᠦᠢᠯ ᠤᠨ ᠠᠮᠢᠳᠤᠷᠠᠬᠤᠢ ᠶᠢᠨ ᠭᠡᠯᠪᠡᠷᠢ᠂ ᠮᠥᠨ ᠴᠦ ᠨᠢᠭᠡ ᠵᠦᠢᠯ ᠤᠨ ᠤᠶᠤᠨ ᠤ ᠬᠥᠭᠡᠭᠡᠴᠡᠯᠳᠦᠯ ᠶᠤᠮ᠃ ᠴᠠᠭ | ᠦᠶ᠎ᠡ ᠤᠷᠤᠭᠰᠢᠯᠠᠵᠤ ᠨᠡᠶᠢᠭᠡᠮ ᠬᠥᠭᠵᠢᠬᠦ ᠲᠤᠳᠤᠮ ᠬᠥᠮᠥᠰ ᠤᠶᠤᠨ ᠰᠣᠶᠣᠯ ᠤᠨ ᠠᠮᠢᠳᠤᠷᠠᠯ ᠤᠨ ᠲᠠᠯ᠎ᠠ ᠪᠠᠷ ᠨᠡᠩ ᠶᠡᠭᠡ ᠬᠦᠰᠡᠯ ᠬᠦᠯᠢᠶᠡᠯᠲᠡ ᠲᠠᠢ | ᠪᠣᠯᠵᠤ᠂ ᠨᠣᠮ ᠤᠩᠰᠢᠬᠤ ᠲᠠᠯ᠎ᠠ ᠪᠠᠷ ᠨᠡᠩ ᠶᠡᠭᠡ ᠬᠡᠷᠡᠭᠴᠡᠭᠡ ᠱᠠᠭᠠᠷᠳᠠᠯᠭ᠎ᠠ ᠲᠠᠢ ᠪᠤᠯᠬᠤ ᠨᠢ ᠳᠠᠮᠵᠢᠭ ᠦᠭᠡᠢ᠃ ᠨᠠᠮ ᠤᠨ ᠬᠤᠷᠢᠳᠤᠭᠠᠷ ᠶᠡᠭᠡ | ᠬᠤᠷᠠᠯ ᠤᠨ ᠢᠯᠡᠳᠬᠡᠯ ᠳᠤ᠂ ᠪᠦᠭᠦ ᠠᠷᠠᠳ ᠢᠶᠠᠷ ᠢᠶᠠᠨ ᠨᠣᠮ ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ ᠭᠡᠵᠦ ᠲᠣᠳᠣᠷᠬᠠᠢ ᠳᠤᠷᠠᠳᠴᠠᠢ᠃ | ᠬᠥᠮᠥᠨ ᠪᠦᠭᠦᠨ ᠨᠣᠮ ᠤᠩᠰᠢᠬᠤ ᠳᠠᠳᠬᠠᠯ ᠲᠠᠢ ᠪᠣᠯᠵᠤ᠂ ᠨᠣᠮ ᠪᠢᠴᠢᠭ ᠲᠠᠢ ᠬᠠᠨᠢᠰᠬᠤ ᠳᠤ ᠭᠦᠷᠪᠡᠯ᠂ ᠰᠢᠨ᠎ᠡ ᠠᠶᠠᠨ ᠳᠤ ᠡᠷᠡᠮᠡᠬᠡᠶᠢᠯᠡᠨ | ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠦᠵᠡᠭᠦᠯᠭᠦ ᠳᠤ ᠪᠢᠳᠡ ᠬᠦᠴᠦᠷᠬᠡᠭ ᠶᠡᠭᠡ ᠬᠦᠴᠦᠨ ᠴᠢᠳᠠᠯ ᠨᠡᠮᠡᠷᠢᠯᠡᠵᠦ ᠴᠢᠳᠠᠬᠤ ᠨᠢ ᠯᠠᠪᠲᠠᠢ | ᠃ | |