ᠮᠢᠩᠭᠠᠨ ᠪᠠᠯᠭᠠᠰᠤ ᠬᠤᠨᠴᠢᠷ ᠢ ᠰᠢᠨ᠎ᠡ ᠰᠣᠷᠭᠤᠭ ᠢᠶᠠᠷ ᠪᠣᠯᠪᠠᠰᠣᠷᠠᠭᠤᠯᠣᠨ ᠲᠠᠷᠢᠮᠠᠯ ᠤᠨ ᠠᠰᠢᠭ ᠣᠷᠣᠯᠭ᠎ᠠ ᠶᠢ  ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/6/3
     ᠡᠨᠡ ᠵᠢᠯ ᠤᠨ 4 ᠳ᠋ᠣᠭᠡᠷ ᠰᠠᠷ᠎ᠠ ᠳᠤ᠂ ᠤᠯᠤᠰ ᠤᠨ ᠭᠠᠵᠠᠷ ᠰᠢᠷᠣᠶ ᠶᠢᠨ ᠲᠡᠮᠳᠡᠭ ᠲᠠᠢ ᠦᠢᠯᠡᠳᠬᠦᠨ ᠪᠤᠯᠬᠤ ᠮᠢᠩᠭᠠᠨ  ᠤ ᠬᠤᠨᠴᠢᠷ ᠤᠨ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢᠶᠠᠷ ᠪᠣᠯᠪᠠᠰᠣᠷᠠᠭᠤᠯᠬᠤ ᠨᠢ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠯ ᠢ ᠣᠯᠤᠭᠰᠠᠨ ᠤ ᠳᠠᠷᠠᠭ᠎ᠠ᠂ ᠲᠣᠰ ᠦᠢᠯᠡᠳᠪᠤᠷᠢ ᠵᠢᠩᠬᠢᠨᠢ ᠪᠠᠷ ᠲᠤᠷᠰᠢᠨ ᠦᠢᠯᠡᠳᠪᠤᠷᠢᠯᠡᠵᠦ ᠡᠬᠢᠯᠡᠪᠡ᠂ ᠡᠨᠡ ᠨᠢ ᠮᠦᠨ ᠴᠣ᠋ ᠲᠣᠰ ᠬᠤᠰᠢᠭᠤᠨ ᠤ ᠮᠢᠩᠭᠠᠨ ᠪᠠᠯᠭᠠᠰᠤ ᠶᠢᠨ ᠬᠤᠨᠴᠢᠷ ᠤᠨ ᠭᠡᠪᠴᠢᠶᠡᠵᠢᠭᠰᠡᠨ᠂ ᠪᠠᠷᠢᠮᠵᠢᠶᠠᠵᠢᠭᠰᠡᠨ ᠦᠢᠯᠡᠳᠪᠦᠷᠢᠯᠡᠵᠦ ᠡᠳ᠋ᠰᠢᠬᠦᠯᠦᠨ ᠪᠤᠯᠪᠠᠰᠤᠷᠠᠭᠤᠯᠬᠤ ᠠᠩᠬᠠᠨ ᠤ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ᠣᠶᠢᠷ᠎ᠠ ᠳᠤ᠂ ᠰᠣᠷᠪᠣᠯᠵᠢᠯᠠᠭᠴᠢ ᠶᠢ ᠮᠢᠩᠭᠠᠨ ᠪᠠᠯᠭᠠᠰᠤᠨ ᠤ ᠯᠢᠦ ᠹᠧᠨ ᠽᠢ ᠲᠣᠰᠬᠤᠨ ᠤ ᠬᠤᠨᠴᠢᠷ ᠤᠨ ᠭᠠᠷᠤᠯᠲᠠ ᠶᠢᠨ ᠣᠷᠣᠨ ᠳᠤ ᠬᠦᠷᠬᠦ ᠳᠤ᠂ ᠠᠵᠢᠯᠴᠢᠳ ᠬᠠᠳᠠᠭᠠᠭᠰᠠᠨ ᠬᠤᠨᠴᠢᠷ ᠢ ᠢᠯᠭᠠᠨ ᠤᠬᠢᠶᠠᠵᠤ ᠬᠡᠷᠴᠢᠵᠦ ᠪᠣᠭᠤᠳᠠᠯᠯᠠᠵᠤ ᠪᠠᠶᠢᠪᠠ᠃  ᠡᠳᠡᠭᠡᠷ ᠣᠯᠠᠨ ᠶᠠᠪᠤᠴᠠ ᠪᠠᠷ ᠳᠡᠮᠵᠢᠨ᠂ ᠬᠤᠨᠴᠢᠷ  ᠤᠨ ᠬᠢᠲᠠᠳ ᠡᠮ ᠤᠨ ᠮᠠᠲ᠋ᠧᠷᠢᠶᠠᠯ ᠤᠨ ᠠᠰᠢᠭᠲᠠᠢ ᠪᠦᠷᠢᠯᠳᠦᠬᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠳᠠᠭᠠᠯᠠᠳᠠᠭ ᠠᠴᠠ ᠬᠢᠲᠠᠳ ᠡᠮ ᠤᠨ ᠮᠠᠲ᠋ᠧᠷᠢᠶᠠᠯ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ  ᠪᠠᠲᠤᠯᠠᠭ᠎ᠠ ᠬᠠᠩᠭᠠᠭᠰᠠᠨ ᠪᠠᠶᠢᠨ᠎ᠠ᠃     ᠪᠥᠬᠦ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠤᠨᠴᠢᠷ ᠤᠨ ᠵᠠᠬ᠎ᠠ ᠳᠡᠯᠭᠡᠭᠦᠷ ᠤᠨ ᠲᠦᠭᠰᠢᠭᠦᠷᠢ ᠶᠢ ᠢᠳᠡᠪᠬᠢᠲᠡᠶ ᠠᠷᠭᠠᠴᠠᠬᠤ ᠶᠢᠨ ᠲᠥᠯᠥᠭᠡ᠂  ᠮᠢᠩᠭᠠᠨ ᠪᠠᠯᠭᠠᠰᠤ 2021 ᠣᠨ ᠳᠤ 1000 ᠲᠦᠮᠡᠨ ᠲᠥᠭᠦᠷᠢᠭ ᠤᠨ ᠪᠠᠯᠠ ᠣᠷᠣᠭᠤᠯᠵᠤ᠂ 25 ᠮᠥ ᠭᠠᠵᠠᠷ ᠲᠤ ᠬᠤᠨᠴᠢᠷ ᠪᠣᠯᠪᠠᠰᠤᠷᠠᠭᠤᠯᠬᠤ ᠠᠵᠤ  ᠦᠢᠯᠡᠰ ᠤᠨ ᠬᠦᠷᠢᠶᠡᠯᠡᠩ ᠢ ᠪᠠᠶᠢᠭᠤᠯᠬᠤ ᠶᠢᠨ ᠬᠠᠮᠲᠤ 1600 ᠲᠡᠭᠰᠢ ᠳᠥᠷᠪᠡᠯᠵᠢᠨ ᠮᠧᠲᠷ ᠤᠨ ᠬᠦᠢᠲᠡᠨ ᠬᠥᠮᠥᠷᠭᠡ ᠪᠠ 1260 ᠲᠡᠭᠰᠢ ᠳᠥᠷᠪᠡᠯᠵᠢᠨ ᠮᠧᠲᠷ ᠤᠨ ᠲᠥᠪᠯᠡᠷᠡᠭᠦᠯᠦᠨ ᠤᠬᠢᠶᠠᠬᠤ ᠪᠣᠯᠪᠠᠰᠤᠷᠠᠭᠤᠯᠬᠤ  ᠬᠠᠳᠠᠭᠠᠬᠤ ᠪᠣᠭᠤᠳᠠᠯᠯᠠᠬᠤ ᠶᠢ ᠨᠢᠭᠡ ᠴᠣᠭᠴᠠᠵᠢᠭᠤᠯᠤᠭᠰᠠᠨ ᠪᠠᠷᠢᠮᠵᠢᠶᠠᠵᠢᠭᠰᠠᠨ ᠬᠤᠨᠴᠢᠷ ᠴᠢᠨᠠᠬᠤ ᠦᠢᠯᠡᠳᠪᠦᠷᠢ ᠶᠢ ᠪᠠᠶᠢᠭᠤᠯᠬᠤ ᠶᠢᠨ ᠬᠠᠮᠲᠣ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠳᠠᠭᠠᠭᠤᠯᠭ᠎ᠠ ᠪᠠᠷ᠂ ᠲᠣᠰ ᠪᠠᠯᠭᠠᠰᠤᠨ ᠤ ᠮᠤᠤ ᠱᠧᠩ ᠶᠧ ᠲᠠᠷᠢᠶᠠᠯᠠᠩ ᠤᠨ ᠠᠷᠠᠯᠵᠢᠶᠠᠨ ᠤ ᠲᠤᠰᠬᠠᠶ ᠬᠤᠷᠰᠢᠶ᠎ᠠ ᠪᠣᠯᠤᠨ ᠲᠢᠶᠠᠨ ᠾᠧᠩ ᠡᠮ ᠦᠢᠯᠡᠳᠬᠦ ᠺᠣᠮᠫᠠᠨᠢ ᠶᠢᠨ ︽ᠲᠩᠷᠢ ᠶᠢᠨ ᠬᠡᠰᠢᠭᠲᠦ ᠪᠣᠷᠣᠲᠣᠬᠤᠶ︾ ᠶᠢᠨ ᠪᠥᠬᠦ ᠶᠠᠪᠤᠴᠠ ᠶᠢᠨ ᠶᠠᠰᠤ ᠴᠢᠨᠠᠷ ᠢ ᠮᠥᠷᠳᠡᠨ ᠤᠬᠤᠴᠢᠯᠠᠬᠤ ᠲᠠᠪᠴᠠᠩ ᠢ ᠠᠰᠢᠭᠯᠠᠨ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠳᠠᠷᠢᠬᠤ ᠠᠴᠠ ᠠᠪᠤᠭᠠᠳ ᠡᠳ᠋ᠰᠢᠭᠦᠯᠬᠦ ᠪᠣᠷᠣᠯᠠᠭᠤᠯᠬᠤ ᠬᠦᠷᠲᠡᠯᠡᠬᠢ ᠭᠤᠭᠴᠤᠭ᠎ᠠ ᠪᠦᠷᠢ ᠳᠤ ᠶᠠᠰᠤ ᠴᠢᠨᠠᠷ ᠢ ᠮᠥᠷᠳᠡᠨ ᠤᠬᠤᠴᠢᠯᠠᠬᠤ ᠶᠢ  ᠪᠡᠶᠡᠯᠡᠬᠦᠯᠦᠨ᠂  ᠦᠢᠯᠡᠳᠬᠦᠨ ᠤ ᠠᠮᠤᠷ ᠲᠦᠪᠰᠢᠨ ᠪᠠ ᠪᠦᠲᠦᠮᠵᠢᠲᠡᠶ ᠪᠠᠶᠢᠬᠤ ᠶᠢ  ᠪᠠᠲᠣᠯᠠᠪᠠ᠃    ᠰᠢᠨ᠎ᠡ ᠰᠣᠷᠭᠤᠭ ᠢᠶᠠᠷ ᠪᠣᠯᠪᠠᠰᠣᠷᠠᠭᠤᠯᠬᠤ ᠦᠢᠯᠡᠳᠪᠦᠷᠢ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠡᠮ ᠤᠨ ᠦᠢᠯᠡᠳᠪᠦᠷᠢ ᠳᠤ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠲᠤᠬᠠᠶ ᠶᠢᠨ ᠭᠠᠵᠠᠷ ᠤᠨ ᠲᠠᠷᠢᠶᠠᠴᠢᠳ ᠲᠤ ᠨᠠᠩ ᠣᠯᠠᠨ ᠠᠵᠢᠯ ᠣᠯᠭᠤᠬᠤ ᠲᠣᠬᠢᠶᠠᠯ ᠬᠠᠩᠭᠠᠵᠤ᠂ ᠲᠤᠬᠠᠶ ᠶᠢᠨ ᠭᠠᠵᠠᠷ ᠤᠨ ᠬᠤᠨᠴᠢᠷ ᠳᠠᠷᠢᠬᠤ ᠡᠷᠦᠬᠡ ᠶᠢᠨ ᠲᠠᠷᠢᠮᠠᠯ ᠤᠨ ᠠᠰᠢᠭ ᠣᠷᠣᠯᠭ᠎ᠠ ᠶᠢ ᠪᠠᠲᠤᠯᠠᠭᠰᠠᠨ ᠪᠠᠶᠢᠨ᠎ᠠ᠃  ︽ᠳᠠᠷᠠᠭᠠᠴᠢ ᠶᠢᠨ ᠠᠯᠬᠤᠮ ᠳᠤ᠂ ᠱᠧᠩ ᠶᠤᠸᠠᠨ ᠡᠮ ᠤᠨ ᠦᠢᠯᠡᠰ ᠲᠠᠢ ᠬᠠᠮᠲᠤᠷᠠᠨ ᠬᠢᠲᠠᠳ ᠡᠮ ᠤᠨ ᠮᠠᠲ᠋ᠧᠷᠢᠶᠠᠯ ᠲᠠᠷᠢᠵᠤ᠂ ᠲᠠᠷᠢᠶᠠᠴᠢᠨ ᠡᠷᠦᠬᠡ ᠭᠠᠵᠠᠷ ᠰᠢᠷᠣᠢ ᠪᠠᠨ ᠪᠢᠳᠡᠨ ᠳᠤ ᠰᠢᠯᠵᠢᠭᠦᠯᠦᠭᠰᠡᠨ ᠤ ᠳᠠᠷᠠᠭ᠎ᠠ᠂  ᠲᠡᠳᠡᠨ ᠢᠶᠠᠷ ᠲᠠᠷᠢᠮᠠᠯ ᠤᠨ ᠰᠠᠭᠤᠷᠢᠨ ᠭᠠᠵᠠᠷ ᠲᠤ ᠬᠥᠯᠥᠰᠥᠨ ᠠᠵᠢᠯ ᠬᠢᠯᠭᠡᠵᠦ᠂  ᠪᠠᠰᠠ ᠨᠢᠭᠡ  ᠬᠤᠪᠢ ᠣᠷᠣᠯᠭ᠎ᠠ ᠶᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ︾ ᠬᠡᠮᠡᠨ ᠮᠤᠤ ᠱᠧᠩ ᠶᠧ ᠲᠠᠷᠢᠶᠠᠯᠠᠩ ᠠᠷᠠᠯᠵᠢᠶᠠᠨ ᠤ ᠲᠤᠰᠬᠠᠶ ᠬᠤᠷᠰᠢᠶᠠᠨ ᠤ ᠬᠠᠷᠢᠭᠤᠴᠠᠯᠭᠠᠲᠠᠨ ᠵᠠᠩ ᠾᠧ ᠫᠢᠩ  ᠰᠣᠷᠪᠣᠯᠵᠢᠯᠠᠭᠴᠢ ᠳᠤ ᠬᠡᠯᠡᠪᠡ᠃                            
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ