ᠮᠢᠩᠭᠠᠨ ᠪᠠᠯᠭᠠᠰᠤ ᠰᠢᠬᠢᠷ ᠡᠪᠡᠰᠣ ᠲᠠᠷᠢᠵᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/6/4
    ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤ ᠲᠤᠬᠠᠶ ᠶᠢᠨ ᠭᠠᠵᠠᠷ ᠤᠨ ᠭᠠᠵᠠᠷ ᠵᠦᠶ ᠶᠢᠨ ᠠᠭᠤᠷ ᠠᠮᠢᠰᠬᠤᠯ ᠤᠨ ᠨᠥᠬᠦᠴᠡᠯ ᠲᠠᠢ ᠤᠶᠠᠯᠳᠤᠭᠤᠯᠤᠨ᠂ ᠤᠰᠤ ᠠᠷᠪᠢᠯᠠᠬᠤ ᠮᠦᠷᠲᠡᠭᠡᠨ ᠭᠠᠩ ᠬᠠᠭᠰᠠᠷᠠᠭᠠᠨ ᠳᠤ ᠲᠡᠰᠪᠦᠷᠢᠲᠡᠢ ᠬᠢᠲᠠᠳ ᠡᠮ ᠤᠨ ᠮᠠᠲ᠋ᠧᠷᠢᠶᠠᠯ ᠪᠣᠯᠬᠤ ᠰᠢᠬᠢᠷ ᠡᠪᠡᠰᠦ ᠶᠢ ᠲᠠᠷᠢᠵᠤ᠂ ᠲᠤᠬᠠᠶ ᠶᠢᠨ ᠭᠠᠵᠠᠷ ᠤᠨ ᠲᠠᠷᠢᠶᠠᠴᠢᠳ ᠤᠨ  ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠰᠢᠨ᠎ᠡ ᠠᠷᠭ᠎ᠠ ᠵᠠᠮ ᠢ ᠨᠡᠭᠡᠭᠡᠪᠡ᠃    ᠤᠢᠢᠷ᠎ᠠ ᠶᠢᠨ ᠡᠳᠦᠷ ᠤᠳ ᠲᠤ᠂ ᠮᠢᠩᠭᠠᠨ ᠪᠠᠯᠭᠠᠰᠤᠨ ᠤ ᠲᠠᠢ ᠯᠢᠶᠠᠩ ᠲᠣᠰᠬᠤᠨ ᠤ ᠰᠧ ᠮᠠ ᠭᠸᠤ ᠳᠤᠭᠤᠶᠢᠯᠠᠩ ᠤᠨ 2800 ᠮᠦ ᠰᠢᠬᠢᠷ ᠡᠪᠡᠰᠦ ᠲᠠᠷᠢᠬᠤ ᠰᠠᠭᠤᠷᠢᠨ ᠳᠤ᠂ ᠲᠤᠮᠤ ᠬᠡᠯᠪᠡᠷᠢ ᠶᠢᠨ ᠮᠠᠰᠢᠨ ᠲᠠᠷᠢᠶᠠᠨ ᠳᠤᠮᠳᠠ ᠰᠦᠯᠵᠢᠯᠳᠣᠨ᠂ ᠠᠵᠢᠯᠴᠢᠳ ᠰᠢᠬᠢᠷ ᠡᠪᠡᠰᠦᠨ ᠤ ᠴᠢᠬᠢ ᠶᠢ ᠲᠠᠷᠢᠵᠤ ᠶᠠᠭᠠᠷᠠᠯᠳᠣᠨ᠎ᠠ᠃ ᠡᠨᠡ ᠪᠣᠯ ᠲᠣᠰ ᠪᠠᠯᠭᠠᠰᠤ ᠠᠩᠬ᠎ᠠ ᠣᠳᠠᠭ᠎ᠠ ᠰᠢᠬᠢᠷ  ᠡᠪᠡᠰᠦ ᠶᠢ ᠲᠠᠷᠢᠵᠤ ᠲᠤᠷᠰᠢᠵᠤ ᠪᠠᠶᠢᠭ᠎ᠠ ᠶᠠᠪᠤᠳᠠᠯ ᠪᠣᠯᠤᠨ᠎ᠠ᠃ ᠮᠢᠩᠭᠠᠨ ᠪᠠᠯᠭᠠᠰᠤ ᠨᠢ ᠤᠷᠠᠳ ᠤᠨ ᠡᠮᠦᠨᠡᠲᠦ ᠬᠤᠰᠢᠭᠤᠨ ᠤ ᠠᠭᠤᠯᠠᠷᠬᠠᠭ ᠣᠷᠣᠨ ᠳᠤ ᠪᠠᠶᠢᠷᠢᠯᠠᠵᠤ᠂ ᠠᠭᠤᠷ ᠠᠮᠢᠰᠬᠤᠯ ᠭᠠᠩ ᠬᠠᠭᠤᠷᠠᠶ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂  ᠨᠡᠷᠡᠨ ᠤ ᠲᠤᠰᠤᠯᠲᠠ ᠬᠦᠢᠴᠡᠳ᠂ ᠬᠥᠷᠥᠰᠥᠨ ᠤ ᠳᠠᠪᠬᠤᠷᠭ᠎ᠠ ᠭᠦᠨ ᠵᠤᠵᠠᠭᠠᠨ᠂ ᠭᠠᠵᠠᠷ ᠳᠤᠤᠷᠠᠬᠢ ᠤᠰᠤᠨ ᠳᠤ ᠪᠢᠴᠢᠯ ᠡᠯᠧᠮᠧᠨ᠋ᠲ ᠪᠠ ᠡᠷᠦᠳᠡᠰᠦ ᠪᠣᠳᠠᠰ ᠡᠯᠪᠡᠭ ᠠᠭᠤᠯᠤᠭᠳᠠᠵᠤ ᠪᠠᠶᠢᠳᠠᠭ ᠠᠴᠠ ᠡᠪᠡᠰᠦᠨ ᠡᠮ ᠳᠠᠷᠢᠬᠤ ᠳᠤ ᠮᠠᠰᠢ ᠲᠣᠬᠢᠷᠠᠮᠵᠢᠲᠠᠶ  ᠠᠴᠠ  ᠠᠳᠡ ᠲᠠᠷᠢᠭᠰᠠᠨ ᠬᠢᠲᠠᠳ ᠡᠮ ᠤᠨ ᠮᠠᠲ᠋ᠧᠷᠢᠶᠠᠯ ᠤᠨ ᠭᠠᠷᠤᠯᠲᠠ ᠨᠢ ᠥᠨᠳᠥᠷ᠂ ᠶᠠᠰᠤ ᠴᠢᠨᠠᠷ ᠨᠢ ᠰᠢᠯᠢᠳᠡᠭ ᠪᠠᠶᠢᠵᠤ᠂ ᠭᠠᠳᠠᠷ ᠣᠷᠣᠨ ᠤ ᠡᠮ ᠤᠨ ᠠᠷᠠᠯᠵᠢᠶᠠᠴᠢᠨ ᠤ ᠬᠦᠷᠢᠶᠡᠯᠡᠯ ᠢ  ᠶᠡᠬᠡᠳᠡ ᠣᠯᠳᠠᠭ ᠶᠣᠮ᠃ᠲᠠᠷᠢᠶᠠᠯᠠᠩ ᠤᠨ ᠤᠰᠤ ᠠᠷᠪᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ᠂  ᠮᠢᠩᠭᠠᠨ ᠪᠠᠯᠭᠠᠰᠤ ᠬᠤᠨᠴᠢᠷ ᠤᠨ ᠲᠠᠷᠢᠮᠠᠯ ᠤᠨ ᠠᠵᠤ ᠦᠢᠯᠡᠰ ᠢ ᠬᠥᠭᠵᠢᠭᠦᠯᠦᠭᠰᠡᠨ ᠰᠠᠭᠤᠷᠢᠨ ᠳᠡᠭᠡᠷ᠎ᠡ᠂ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠥᠷᠭᠡᠨ ᠣᠯᠠᠨ ᠲᠠᠷᠢᠶᠠᠴᠢᠨ ᠡᠷᠦᠬᠡ ᠶᠢ ᠳᠠᠶᠢᠴᠢᠯᠠᠨ ᠰᠢᠬᠢᠷ ᠡᠪᠡᠰᠦ ᠳᠠᠷᠢᠭᠤᠯᠵᠤ᠂ ︽ᠬᠤᠷᠰᠢᠶ᠎ᠠ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠲᠣᠰᠬᠤᠨ ᠤ ᠠᠷᠠᠳ ᠤᠨ 2800 ᠮᠥ ᠭᠠᠵᠠᠷ  ᠢ  ᠰᠢᠯᠵᠢᠭᠦᠯᠵᠦ᠂ ᠤᠯᠠᠭᠠᠨᠬᠠᠳᠠ ᠪᠣᠯᠤᠨ ᠭᠠᠨᠰᠦ ᠠᠴᠠ ᠭᠠᠩ ᠬᠠᠭᠰᠠᠷᠠᠭᠠᠨ᠂  ᠬᠤᠵᠢᠷᠯᠢᠭ᠂  ᠬᠦᠢᠲᠡᠨ ᠳᠤ ᠲᠣᠬᠢᠷᠠᠮᠵᠢᠲᠠᠢ᠂ ᠬᠡᠷᠡᠯ ᠳᠤ ᠳᠤᠷᠠᠲᠠᠶ ᠣᠨᠴᠠ ᠴᠢᠨᠠᠷ ᠤᠨ ᠰᠢᠬᠢᠷ ᠡᠪᠡᠰᠦ ᠶᠢ ᠣᠷᠣᠭᠤᠯᠤᠨ ᠠᠪᠴᠢᠷᠠᠵᠤ ᠲᠥᠪᠯᠡᠷᠡᠭᠦᠯᠦᠨ ᠵᠢᠱᠢᠶ᠎ᠡ ᠦᠵᠡᠭᠦᠯᠦᠨ ᠳᠠᠷᠢᠪᠠ ᠃ ︽  ᠬᠢᠲᠠᠳ ᠡᠪᠡᠰᠦᠨ ᠡᠮ ᠲᠠᠷᠢᠬᠤ ᠨᠢ ᠲᠣᠰᠬᠤᠨ ᠤ ᠠᠷᠠᠳ ᠲᠤ ᠵᠢᠯ ᠪᠦᠷᠢ ᠭᠠᠵᠠᠷ ᠰᠢᠷᠣᠶ ᠶᠢᠨ ᠡᠷᠭᠢᠯᠲᠡ ᠶᠢᠨ ᠮᠦᠩᠭᠦ ᠣᠯᠭᠤᠬᠤ ᠪᠠᠷ ᠪᠠᠷᠠᠬᠤ ᠦᠭᠡᠢ᠂ ᠰᠠᠭᠤᠷᠢᠨ ᠭᠠᠵᠠᠷ ᠲᠤ ᠬᠦᠯᠦᠰᠦ ᠠᠵᠢᠯ ᠬᠢᠬᠦ ᠨᠢ ᠪᠠᠰᠠ ᠣᠷᠣᠯᠭ᠎ᠠ ᠶᠢ ᠨᠡᠮᠡᠭᠳᠡᠭᠦᠯᠵᠦ ᠪᠣᠯᠤᠨ᠎ᠠ︾ ᠬᠡᠮᠡᠨ ᠲᠣᠰᠬᠤᠨ ᠤ ᠠᠷᠠᠳ ᠶᠠᠩ ᡁᠢ ᠶᠤᠸᠠᠨ ᠰᠣᠷᠪᠣᠯᠵᠢᠯᠠᠭᠴᠢ ᠳᠤ ᠬᠡᠯᠡᠵᠦ ᠪᠠᠶᠢᠪᠠ᠃   ᠡᠨᠡ ᠵᠢᠯ᠂ ᠲᠣᠰ ᠪᠠᠯᠭᠠᠰᠤ ᠬᠢᠲᠠᠳ ᠡᠮ ᠤᠨ ᠮᠠᠲ᠋ᠧᠷᠢᠶᠠᠯ ᠳᠠᠷᠢᠬᠤ ᠬᠡᠪᠴᠢᠶ᠎ᠡ ᠪᠠᠨ ᠲᠠᠰᠤᠷᠠᠯᠲᠠ ᠥᠬᠡᠶ ᠥᠷᠭᠡᠳᠬᠡᠵᠦ᠂ ᠬᠤᠨᠴᠢᠷ᠂ ᠰᠢᠬᠢᠷ ᠡᠪᠡᠰᠦ ᠂ ᠱᠦᠭᠦᠷᠭᠡᠨ᠎ᠡ᠂ ᠬᠤᠷᠳᠤᠨ ᠴᠠᠭᠠᠨ ᠵᠡᠷᠭᠡ ᠬᠢᠲᠠᠳ ᠡᠮ ᠤᠨ ᠮᠠᠲ᠋ᠧᠷᠢᠶᠠᠯ ᠢ ᠨᠡᠶᠢᠲᠡ 44000 ᠭᠠᠷᠤᠶ ᠮᠥ ᠳᠠᠷᠢᠵᠤ᠂ ᠠᠮᠢ ᠠᠬᠤᠶ ᠶᠢᠨ ᠠᠵᠤ ᠠᠬᠤᠶ ᠶᠢ ᠵᠡᠷᠭᠡ ᠪᠠᠷ ᠠᠳᠬᠤᠵᠤ᠂ ᠬᠢᠲᠠᠳ ᠡᠮ ᠤᠨ ᠮᠠᠲ᠋ᠧᠷᠢᠶᠠᠯ ᠢ ᠲᠤᠬᠠᠶ ᠶᠢᠨ ᠭᠠᠵᠠᠷ ᠤᠨ ᠲᠠᠷᠢᠶᠠᠴᠢᠳ ᠤᠨ ᠪᠠᠶᠠᠵᠢᠬᠤ ︽ᠰᠠᠶᠢᠨ ᠵᠣᠷ︾ ᠪᠣᠯᠭᠠᠪᠠ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ