ᠰᠢᠶᠠᠨ ᠹᠧᠩ ᠪᠠᠯᠭᠠᠰᠤᠨ ᠤ ᠬᠤᠶᠠᠳᠤᠭᠠᠷ ᠲᠣᠮᠢᠯᠠᠭᠰᠠᠨ ᠰᠠᠯᠪᠤᠷᠢ  ᠮᠡᠬᠡᠯᠡᠯ ᠢ ᠡᠰᠡᠷᠭᠦᠴᠡᠬᠦ ᠤᠬᠠᠭᠤᠯᠭ᠎ᠠ ᠥᠷᠨᠢᠭᠦᠯᠵᠦ ᠣᠯᠠᠨ ᠲᠦᠮᠡᠨ ᠤ ︽ᠵᠣᠭᠤᠰᠣᠨ ᠴᠦᠩᠬᠦ︾ ᠶᠢ  ᠬᠠᠮᠠᠭᠠᠯᠠᠪᠠ
ᠨᠡᠶᠢᠲᠡᠯᠡᠭᠰᠡᠨ ᠴᠠᠭ᠄
2024/6/6
     ᠬᠦᠮᠦᠰ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠮᠰᠠᠷ ᠢ ᠦᠨᠡᠨ ᠬᠦ  ᠳᠡᠭᠡᠭᠰᠢᠯᠡᠬᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠣᠯᠠᠨ ᠡᠭᠦᠰᠬᠦ ᠬᠠᠨᠳᠤᠰᠢ ᠶᠢ ᠪᠦᠲᠦᠮᠵᠢᠲᠡᠶ ᠬᠤᠷᠢᠭᠯᠠᠨ᠂  ᠲᠡᠳᠡᠨ ᠤ  ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠂ ᠣᠶᠢᠷ᠎ᠠ ᠶᠢᠨ ᠡᠳᠦᠷ᠂  ᠣᠷᠠᠳ ᠤᠨ ᠡᠮᠦᠨᠡᠲᠤ ᠬᠤᠰᠢᠭᠤᠨ ᠤ ᠰᠢᠶᠠᠨ ᠹᠧᠩ  ᠪᠠᠯᠭᠠᠰᠤᠨ ᠤ ᠬᠤᠶᠠᠳᠤᠭᠠᠷ ᠲᠣᠮᠢᠯᠠᠭᠰᠠᠨ ᠰᠠᠯᠪᠤᠷᠢ ᠠᠷᠠᠳ ᠤᠨ  ᠴᠠᠭᠳᠠᠭ᠎ᠠ ᠶᠢ ᠵᠣᠬᠢᠶᠠᠨ ᠪᠠᠶᠢᠭᠤᠯᠤᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠥᠷᠨᠢᠭᠦᠯᠵᠦ᠂ ᠣᠯᠠᠨ ᠲᠦᠮᠡᠨ ᠤ ︽ᠵᠣᠭᠤᠰᠣᠨ ᠴᠦᠩᠬᠦ︾ ᠶᠢ ᠰᠠᠬᠢᠨ ᠬᠠᠮᠠᠭᠠᠯᠠᠪᠠ᠃    ︽ᠵᠣᠭᠤᠰ ᠤᠯᠬᠤ ᠳᠤ ᠠᠮᠠᠷ ᠦᠭᠡᠢ᠂ ᠣᠯᠠᠨ ᠢᠶᠠᠷ ᠢᠶᠠᠨ ᠵᠠᠪᠠᠯ ︿ᠤᠯᠤᠰ ᠤᠨ ᠮᠡᠬᠡᠯᠡᠯ ᠢ ᠡᠰᠡᠷᠭᠦᠴᠡᠬᠦ ᠲᠥᠪ﹀ APP ᠶᠢ ᠪᠠᠭᠤᠯᠭᠠᠨ ᠠᠪᠴᠤ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠶ᠂ ᠶᠠᠭᠠᠬᠢᠭᠰᠠᠨ ᠴᠤ ᠲᠠᠨᠢᠯ ᠪᠤᠰᠤ ᠬᠥᠮᠦᠨ ᠳᠤ ᠵᠣᠭᠤᠰ ᠰᠢᠯᠵᠢᠭᠦᠯᠵᠦ ᠪᠣᠯᠬᠤ ᠥᠬᠡᠶ︾ ᠬᠡᠮᠡᠨ ᠠᠷᠠᠳ ᠤᠨ ᠴᠠᠭᠳᠠᠭ᠎ᠠ ᠨᠠᠷ ᠲᠣᠰ ᠪᠠᠯᠭᠠᠰᠣᠨ ᠤ ᠬᠤᠷᠰᠢᠶ᠎ᠠ ᠳᠡᠯᠭᠡᠭᠦᠷ ᠢᠶᠠᠷ ᠭᠦᠨᠵᠡᠭᠡᠶᠢᠷᠡᠨ ᠣᠬᠠᠭᠤᠯᠭ᠎ᠠ ᠬᠢᠬᠦ ᠶᠢᠨ ᠬᠠᠮᠲᠣ ᠪᠠᠰᠠ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠨᠡᠶᠢᠲᠡᠯᠢᠭ ᠮᠡᠬᠡᠯᠡᠯ ᠤᠨ ᠬᠡᠷᠡᠭ  ᠤᠨ ᠬᠤᠤᠷ ᠬᠥᠨᠥᠭᠡᠯ ᠢ ᠲᠠᠶᠢᠯᠪᠤᠷᠢᠯᠠᠵᠤ᠂ ᠠᠳᠠᠯᠢ ᠪᠤᠰᠤ ᠨᠠᠰᠤᠨ ᠤ  ᠬᠦᠮᠦᠰ ᠤᠨ ᠱᠠᠩᠨᠠᠯ ᠢᠶᠠᠷ ᠮᠡᠬᠡᠯᠡᠬᠦ ᠂ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠬᠦ ᠬᠤᠷᠢᠶ᠎ᠠ ᠪᠠᠷ ᠣᠪᠯᠠᠨ ᠮᠡᠬᠡᠯᠡᠬᠦ᠂ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠤᠭᠰᠠᠨ ᠵᠣᠭᠤᠰ ᠢ ᠪᠤᠴᠠᠭᠠᠬᠤ᠂ ᠲᠤᠰᠢᠶᠠᠯ ᠬᠠᠪᠰᠤᠷᠭᠠᠵᠤ ᠲᠠᠩᠰᠠ ᠲᠠᠶᠢᠯᠬᠤ ᠪᠠ ᠰᠤᠷᠭᠠᠨ ᠬᠥᠮᠦᠵᠢᠯ ᠤᠨ ᠨᠥᠬᠦᠪᠥᠷᠢ ᠥᠭᠬᠦ ᠵᠡᠷᠭᠡ ᠲᠥᠷᠥᠯ ᠬᠡᠯᠪᠡᠷᠢ ᠶᠢᠨ ᠮᠡᠬᠡᠯᠡᠬᠦ ᠠᠷᠭ᠎ᠠ ᠮᠠᠶ᠋ᠢᠭ ᠤᠨ ᠲᠤᠬᠠᠶ ᠲᠠᠶᠢᠯᠤᠮᠵᠢ ᠬᠢᠪᠠ᠃ ᠡᠬᠦᠨ ᠢᠶᠠᠷ ᠲᠠᠮᠵᠢᠨ  ᠰᠢᠶᠠᠨ ᠹᠧᠩ ᠪᠠᠯᠭᠠᠰᠤᠨ ᠤ ᠣᠯᠠᠨ ᠲᠦᠮᠡᠨ ᠤ ᠮᠡᠬᠡᠯᠡᠯ ᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠵᠤ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ  ᠬᠠᠮᠠᠭᠠᠯᠠᠪᠠ᠃   
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ