ᠶᠡᠭᠡ ᠰᠢᠬᠡᠳᠡᠢ ᠪᠠᠯᠭᠠᠰᠣ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾  ᠪᠠᠷ ᠪᠤᠭᠤᠳᠠᠢ ᠶᠢᠨ ᠡᠯᠪᠡᠭ ᠬᠤᠷᠢᠶᠠᠯᠳᠠ ᠶᠢ  ᠪᠠᠲᠣᠯᠠᠵᠤ ᠪᠠᠶᠢᠨ᠎ᠠ
ᠨᠡᠶᠢᠲᠡᠯᠡᠭᠰᠡᠨ ᠴᠠᠭ᠄
2024/7/1
     ᠣᠶᠢᠷ᠎ᠠ ᠶᠢᠨ ᠡᠳᠦᠷ  ᠲᠤ᠂ ᠤᠷᠠᠳ ᠤᠨ ᠡᠮᠦᠨᠡᠲᠦ ᠬᠤᠰᠢᠭᠤᠨ ᠤ ᠶᠡᠭᠡ ᠰᠢᠭᠡᠲᠡᠢ ᠪᠠᠯᠭᠠᠰᠤ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠣᠲᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠢ ᠠᠰᠢᠭᠯᠠᠨ ᠲᠠᠷᠢᠶᠠᠴᠢᠳ ᠤᠨ ᠪᠣᠭᠤᠳᠠᠢ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠬᠦ᠂ ᠨᠠᠯᠠᠨ ᠤᠨᠠᠬᠤ ᠠᠴᠠ ᠰᠡᠷᠭᠡᠶᠢᠯᠡᠬᠦ ᠵᠡᠷᠭᠡ ᠲᠠᠷᠢᠶᠠᠯᠠᠩ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠵᠦ᠂ ᠪᠣᠭᠤᠳᠠᠶ ᠶᠢᠨ ᠡᠷᠡᠭᠦᠯ ᠢᠶᠠᠷ ᠦᠰᠬᠦ  ᠶᠢ ᠪᠠᠲᠣᠯᠠᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠲᠠᠯᠪᠢᠵᠤ ᠪᠠᠶᠢᠨ᠎ᠠ᠃     ᠰᠣᠷᠪᠣᠯᠵᠢᠯᠠᠭᠴᠢ ᠶᠢ ᠶᠡᠭᠡ ᠰᠢᠭᠡᠲᠡᠢ ᠪᠠᠯᠭᠠᠰᠤᠨ ᠤ ᠮᠠ ᠪᠦᠸᠧ ᠽᠢ ᠲᠣᠰᠬᠤᠨ ᠤ ᠪᠣᠭᠤᠲᠠᠢ ᠶᠢᠨ ᠲᠠᠷᠢᠶᠠᠨ ᠭᠠᠵᠠᠷ ᠲᠤ ᠬᠦᠷᠬᠦ ᠳᠤ᠂ ᠲᠠᠷᠢᠶᠠᠯᠠᠩ ᠤᠨ ᠵᠢᠯᠣᠭᠤᠴᠢ ᠥᠬᠡᠶ ᠨᠢᠰᠬᠡᠯ ᠮᠡᠷᠭᠡᠵᠢᠯ ᠤᠨ ᠠᠵᠢᠯᠳᠠᠨ ᠤ ᠵᠢᠯᠣᠭᠤᠳᠣᠯᠭ᠎ᠠ ᠪᠠᠷ ᠲᠠᠷᠢᠶᠠᠨ ᠭᠠᠵᠠᠷ ᠲᠤ ᠡᠮᠬᠢ ᠵᠢᠷᠣᠮ ᠲᠠᠢ ᠪᠠᠷ ᠡᠮ ᠰᠠᠴᠣᠵᠣ ᠪᠠᠶᠢᠬᠤ ᠶᠢ ᠤᠯᠵᠤ ᠬᠠᠷᠠᠪᠠ᠃ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠪᠣᠯ ᠲᠠᠷᠢᠮᠠᠯ ᠤᠨ ᠦᠰᠦᠨ ᠪᠤᠶᠢᠵᠢᠬᠤ ᠳᠤᠮᠳᠠ ᠰᠡᠭᠦᠯᠴᠢ ᠶᠢᠨ ᠬᠤᠭᠤᠴᠠᠭᠠᠨ ᠤ ᠴᠢᠬᠤᠯᠠ ᠬᠠᠮᠢᠶᠠᠷᠤᠯᠲᠠ ᠶᠢᠨ ᠮᠡᠷᠭᠡᠵᠢᠯ ᠪᠣᠯᠤᠨ᠎ᠠ᠂  ᠡᠨᠡ ᠨᠢ ᠲᠠᠷᠢᠶᠠᠨ ᠤ ᠬᠤᠷᠣᠬᠠᠶ ᠶᠢ ᠠᠯᠠᠬᠤ᠂ ᠪᠠᠺᠲ᠋ᠧᠷᠢ ᠶᠢ ᠠᠯᠠᠬᠤ᠂ ᠦᠰᠦᠨ ᠪᠤᠶᠢᠵᠢᠬᠤ ᠦᠢᠯᠡᠳᠦᠯ ᠲᠠᠢ ᠡᠮ ᠰᠦᠷᠴᠢᠬᠦ ᠪᠠᠷ ᠳᠠᠮᠵᠢᠭᠤᠯᠤᠨ᠂ ᠡᠪᠡᠳᠴᠢᠨ ᠢ ᠰᠡᠷᠭᠡᠶᠢᠯᠡᠬᠦ᠂ ᠬᠤᠷᠣᠬᠠᠶ ᠶᠢ ᠰᠡᠷᠭᠡᠶᠢᠯᠡᠬᠦ᠂ ᠬᠠᠭᠤᠷᠠᠶ ᠬᠠᠯᠠᠭᠤᠨ ᠰᠠᠯᠬᠢ ᠶᠢ ᠰᠡᠷᠭᠡᠶᠢᠯᠡᠬᠦ ᠵᠣᠷᠢᠯᠭ᠎ᠠ ᠳᠤ ᠬᠦᠷᠴᠦ᠂ ᠮᠥᠬᠦᠯᠢᠭ  ᠪᠠ ᠶᠠᠰᠤ ᠴᠢᠨᠠᠷ ᠢ ᠨᠡᠮᠡᠭᠳᠡᠭᠦᠯᠳᠡᠭ ᠪᠠᠶᠢᠨ᠎ᠠ᠃     ᠡᠨᠡ ᠵᠢᠯ ᠠᠴᠠ ᠨᠠᠰᠢ᠂ ᠶᠡᠭᠡ ᠰᠢᠬᠡᠳᠡᠢ ᠪᠠᠯᠭᠠᠰᠤ ︽ᠡᠷᠲᠡ ᠢᠯᠡᠷᠡᠬᠦᠯᠬᠦ᠂ ᠡᠷᠲᠡ ᠰᠡᠷᠡᠮᠵᠢᠯᠡᠬᠦ᠂ ᠡᠷᠲᠡ ᠰᠡᠷᠭᠡᠶᠢᠯᠡᠨ ᠵᠠᠰᠠᠬᠤ︾ ᠱᠠᠭᠠᠷᠳᠠᠯᠭ᠎ᠠ ᠶᠣᠰᠣᠭᠠᠷ᠂ ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠠᠵᠢᠯ ᠢ ᠨᠠᠷᠢᠨ ᠨᠢᠮᠪᠠᠢ ᠲᠤᠬᠢᠷᠠᠭᠤᠯᠤᠨ ᠪᠠᠶᠢᠷᠢᠯᠠᠭᠤᠯᠵᠤ᠂ ︽ᠬᠥᠮᠦᠨ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ︾ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠴᠢᠩᠭ᠎ᠠ ᠨᠠᠶᠢᠳᠠᠪᠣᠷᠢᠵᠢᠭᠤᠯᠤᠨ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ ᠲᠠᠷᠢᠶᠠᠴᠢᠨ ᠡᠷᠦᠬᠡ ᠳᠤ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠮᠡᠳᠡᠯᠭᠡ ᠶᠢ   ᠲᠦᠭᠡᠮᠡᠯᠵᠢᠯᠡᠬᠦᠯᠬᠦ ᠶᠢᠨ ᠬᠠᠮᠲᠤ ᠳᠡᠭᠡᠳᠦ ᠱᠠᠲᠤᠨ ᠤ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠣᠯᠵᠤ᠂ ᠲᠠᠷᠢᠶᠠᠴᠢᠨ ᠡᠷᠦᠬᠡ ᠳᠤ ᠴᠢᠨᠠᠷ ᠰᠠᠶᠢᠲᠠᠶ᠂ ᠬᠤᠤᠷ ᠪᠠᠭ᠎ᠠ᠂ ᠦᠯᠡᠳᠡᠭᠳᠡᠯ ᠪᠠᠭ᠎ᠠ ᠲᠠᠷᠢᠶᠠᠨ ᠡᠮ  ᠬᠠᠩᠭᠠᠨ᠂ ᠪᠣᠭᠤᠳᠠᠶ ᠶᠢᠨ ᠡᠷᠡᠭᠦᠯ ᠢᠶᠠᠷ ᠦᠰᠦᠨ ᠪᠤᠶᠢᠵᠢᠬᠤ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠪᠡ᠃                                                                    ᠴᠠᠶᠢᠨ᠎ᠠ ᠮᠡᠳᠡᠭᠡᠯᠡᠪᠡ       
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ