1. ᠬᠠᠷᠠᠭ᠎ᠠ ᠪᠠᠨ ᠲᠡᠯᠡᠬᠦ ᠲᠤᠬᠠᠢ ᠰᠦᠯᠵᠢᠶᠡᠨ ᠳᠡᠭᠡᠷ᠎ᠡ ᠵᠠᠷᠢᠮ ᠬᠥᠮᠥᠨ ︽ᠶᠠᠭᠠᠬᠢᠪᠠᠯ ᠰᠠᠶ᠋ᠢ ᠬᠠᠮᠤᠭ ᠤᠨ ᠠᠮᠠᠷᠬᠠᠨ ᠢᠶᠠᠷ ᠶᠢᠷᠲᠢᠨᠴᠦ ᠲᠠᠢ | ᠲᠠᠨᠢᠯᠴᠠᠵᠤ ᠴᠢᠳᠠᠬᠤ ᠪᠤᠢ︖︾ ᠭᠡᠵᠦ ᠠᠰᠠᠭᠤᠬᠤ ᠳᠤ᠂ ︽ᠶᠢᠷᠲᠢᠨᠴᠦ ᠲᠠᠢ ᠲᠠᠨᠢᠯᠴᠠᠬᠤ ᠭᠡᠳᠡᠭ ᠨᠢ ᠳᠡᠯᠡᠬᠡᠶ ᠶᠢᠷᠲᠢᠨᠴᠦ ᠳᠤ ᠨᠢᠭᠡ ᠯᠡ ᠲᠠᠯ᠎ᠠ | ᠪᠠᠶᠢᠬᠤ ᠪᠢᠰᠢ᠂ ᠬᠠᠷᠢᠨ ᠨᠣᠮ ᠪᠢᠴᠢᠭ ᠤᠩᠰᠢᠬᠤ ᠪᠠᠷ ᠳᠠᠮᠵᠢᠨ ᠳᠡᠯᠡᠬᠡᠶ ᠶᠢᠷᠲᠢᠨᠴᠦ ᠶᠢᠨ ᠠᠳᠠᠯᠢ ᠪᠤᠰᠤ ᠲᠠᠯ᠎ᠠ ᠶᠢ ᠬᠠᠮᠤᠭ ᠠᠴᠠ ᠠᠮᠠᠷᠬᠠᠨ ᠣᠯᠵᠤ | ᠬᠠᠷᠠᠳᠠᠭ ᠭᠡᠰᠡᠨ ᠢ ᠬᠡᠯᠡᠵᠦ ᠪᠠᠶᠢᠨ᠎ᠠ︾ ᠭᠡᠰᠡᠨ ᠬᠠᠷᠢᠭᠤᠯᠲᠠ ᠨᠢ ᠬᠦᠮᠦᠰ ᠤᠨ ᠰᠠᠶᠢᠰᠢᠶᠠᠯ ᠢ ᠣᠯᠣᠭᠰᠠᠨ ᠪᠠᠶᠢᠨ᠎ᠠ᠃ ᠨᠢᠭᠡᠨ ᠰᠠᠶᠢᠨ ᠨᠣᠮ ᠪᠢᠳᠡᠨ ᠢ | ᠳᠠᠭᠠᠭᠤᠯᠤᠨ ᠦᠯᠦ ᠮᠡᠳᠡᠬᠦ ᠶᠢᠷᠲᠢᠨᠴᠦ ᠶᠢ ᠴᠢᠭᠯᠡᠨ᠎ᠡ᠃ ᠣᠯᠠᠨ ᠨᠣᠮ ᠤᠩᠰᠢᠪᠠᠯ᠂ ᠡᠨᠡ ᠶᠢᠷᠲᠢᠨᠴᠦ ᠳᠤ ᠵᠥᠪᠬᠡᠨ ᠨᠢᠭᠡ ᠯᠡ ᠵᠦᠢᠯ ᠤᠨ ᠰᠣᠶᠣᠯ | ᠪᠠᠶᠢᠬᠤ ᠪᠢᠰᠢ ᠭᠡᠳᠡᠭ ᠢ ᠮᠡᠳᠡᠵᠤ᠂ ᠠᠳᠠᠯᠢ ᠪᠤᠰᠤ ᠦᠵᠡᠯᠲᠡ ᠶᠢ ᠪᠠᠭᠲᠠᠭᠠᠵᠤ ᠳᠡᠶᠢᠯᠬᠦ ᠪᠣᠯᠣᠨ᠎ᠠ᠂ ᠬᠥᠮᠦᠨ ᠤ ᠠᠮᠢᠳᠤᠷᠠᠯ ᠳᠤ ᠵᠥᠪᠬᠡᠨ ᠨᠢᠭᠡ ᠯᠡ | ᠵᠦᠢᠯ ᠤᠨ ᠠᠮᠢᠳᠤᠷᠠᠬᠤ ᠠᠷᠭ᠎ᠠ ᠪᠠᠶᠢᠬᠤ ᠪᠢᠰᠢ ᠭᠡᠳᠡᠭ ᠢ ᠮᠡᠳᠡᠵᠤ᠂ ᠪᠤᠰᠤᠳ ᠤᠨ ᠠᠮᠢᠳᠤᠷᠠᠯ ᠳᠤ ᠢᠯᠡᠭᠦᠦ ᠨᠢᠭᠡ ᠬᠤᠪᠢ ᠣᠶᠢᠯᠠᠭᠠᠯᠲᠠ ᠲᠠᠢ ᠪᠣᠯᠳᠠᠭ᠃ | | 2. ᠲᠥᠭᠡᠷᠢᠭᠳᠡᠯ ᠢ ᠲᠠᠶᠢᠯᠬᠤ ᠲᠤᠬᠠᠶ ᠪᠢᠳᠡᠨ ᠤ ᠤᠩᠰᠢᠵᠤ ᠥᠩᠭᠡᠷᠡᠭᠰᠡᠨ ᠨᠣᠮ ᠪᠢᠴᠢᠭ ᠨᠢᠭᠡᠪᠦᠷᠢ ᠴᠥᠮ ᠪᠢᠳᠡᠨ ᠤ ᠦᠵᠡᠯ ᠰᠠᠨᠠᠭᠠᠨ ᠳᠤ | ᠬᠦᠴᠦᠨ ᠬᠤᠷᠠᠮᠳᠤᠭᠤᠯᠵᠤ ᠪᠠᠶᠢᠨ᠎ᠠ᠃ ᠨᠣᠮ ᠤᠩᠰᠢᠬᠤ ᠪᠠᠷ ᠳᠠᠮᠵᠢᠨ ᠪᠢᠳᠡ ᠬᠥᠮᠦᠨ ᠲᠠᠢ ᠶᠠᠪᠤᠯᠴᠠᠬᠤ ᠤᠶᠤᠨ ᠤᠬᠠᠭᠠᠨ ᠢ ᠣᠯᠵᠤ᠂ ᠠᠮᠢᠳᠤᠷᠠᠯ ᠢᠶᠠᠨ | ᠤᠯᠠᠮ ᠰᠠᠶᠢᠨ ᠪᠣᠯᠭᠠᠵᠤ ᠴᠢᠳᠠᠨ᠎ᠠ᠃ ᠠᠮᠢᠳᠤᠷᠠᠯ ᠤᠨ ᠣᠶᠢᠯᠠᠭᠠᠭᠳᠠᠰᠢ ᠦᠭᠡᠢ ᠵᠦᠢᠯ ᠪᠠ ᠰᠡᠵᠢᠭ ᠡᠷᠡᠭᠡᠯᠵᠡᠯ ᠢ ᠪᠦᠷ ᠨᠣᠮ ᠳᠣᠲᠣᠷ᠎ᠠ ᠠᠴᠠ | ᠬᠠᠷᠢᠭᠤᠯᠲᠠ ᠣᠯᠳᠠᠭ᠃ | 3. ᠥᠪᠡᠷ ᠢ ᠪᠠᠨ ᠢᠯᠡᠳᠬᠡᠬᠦ ᠲᠤᠬᠠᠶ ᠨᠣᠮ ᠪᠢᠴᠢᠭ ᠤᠩᠰᠢᠬᠤ ᠪᠠ ᠨᠣᠮ ᠪᠢᠴᠢᠭ ᠤᠩᠰᠢᠬᠤ ᠦᠭᠡᠢ ᠬᠥᠮᠦᠰ ᠤᠨ ᠶᠢᠷᠲᠢᠨᠴᠦ ᠶᠢᠨ ᠲᠤᠬᠠᠶ | ᠲᠦᠷᠦᠭᠳᠡᠯ ᠨᠢ ᠠᠳᠠᠯᠢ ᠦᠭᠡᠢ ᠪᠠᠶᠢᠳᠠᠭ᠃ ᠬᠡᠳᠦᠶ ᠣᠯᠠᠨ ᠨᠣᠮ ᠤᠩᠰᠢᠪᠠᠯ᠂ ᠥᠪᠡᠷ ᠤᠨ ᠰᠡᠷᠡᠵᠦ ᠮᠡᠳᠡᠬᠦ ᠪᠠ ᠢᠯᠡᠳᠬᠡᠬᠦ ᠴᠢᠳᠠᠪᠤᠷᠢ ᠪᠠᠨ ᠲᠡᠳᠦᠶ | ᠳᠡᠭᠡᠭᠰᠢᠯᠡᠭᠦᠯᠵᠦ ᠲᠠᠶᠢᠯᠤᠨ᠎ᠠ᠃ | 4. ᠬᠥᠮᠦᠨ ᠤ ᠠᠮᠢᠳᠤᠷᠠᠯ ᠤᠨ ᠲᠤᠬᠠᠶ ᠶᠡᠷᠦ ᠶᠢᠨ ᠦᠭᠡᠨ ᠳᠤ ᠲᠡᠦᠬᠡ ᠤᠩᠰᠢᠬᠤ ᠨᠢ ᠬᠥᠮᠦᠨ ᠢ ᠮᠡᠷᠭᠡᠨ ᠪᠣᠯᠭᠠᠵᠤ᠂ ᠰᠢᠯᠦᠭ ᠤᠩᠰᠢᠬᠤ ᠨᠢ | ᠬᠥᠮᠦᠨ ᠢ ᠤᠷᠠᠨ ᠭᠤᠶᠣᠮᠰᠤᠭ ᠪᠣᠯᠭᠠᠳᠠᠭ ᠭᠡᠳᠡᠭ᠃ ᠨᠣᠮ ᠤᠩᠰᠢᠬᠤ ᠶᠢᠨ ᠰᠠᠶᠢᠨ ᠲᠠᠢ ᠲᠠᠯ᠎ᠠ ᠭᠡᠪᠡᠯ᠂ ᠥᠪᠡᠷ ᠤᠨ ᠪᠡᠶ᠎ᠡ ᠪᠠ ᠶᠢᠷᠲᠢᠨᠴᠦ ᠶᠢᠨ | ᠴᠣᠩᠬᠤ ᠶᠢ ᠨᠡᠭᠡᠭᠡᠵᠦ ᠴᠢᠳᠠᠬᠤ ᠳᠤ ᠣᠷᠣᠰᠢᠨ᠎ᠠ᠃ ᠨᠣᠮ ᠤᠩᠰᠢᠵᠤ ᠭᠦᠨᠵᠡᠭᠡᠶᠢᠷᠡᠬᠦ ᠶᠢ ᠳᠠᠭᠠᠯᠳᠤᠨ᠂ ᠨᠡᠶᠢᠭᠡᠮ ᠪᠠ ᠬᠥᠮᠦᠨ ᠤ ᠠᠮᠢᠳᠤᠷᠠᠯ ᠤᠨ ᠲᠤᠬᠠᠶ | ᠲᠠᠨᠢᠯᠲᠠ ᠤᠯᠠᠮ ᠭᠦᠨᠵᠡᠭᠡᠶ ᠪᠣᠯᠵᠤ᠂ ᠳᠣᠲᠣᠭᠠᠳᠤ ᠰᠡᠳᠬᠢᠯ ᠴᠦ ᠤᠯᠠᠮ ᠪᠠᠲᠤ ᠢᠲᠡᠭᠡᠯ ᠲᠠᠢ ᠪᠣᠯᠬᠤ ᠶᠤᠮ᠃ ᠣᠯᠠᠨ ᠨᠣᠮ ᠤᠩᠰᠢᠭᠠᠷᠠᠢ︕ | ᠭᠦᠢᠴᠡᠳ ᠠᠷᠪᠢᠨ ᠨᠣᠮ ᠤᠩᠰᠢᠭᠰᠠᠨ ᠦᠶ᠎ᠡ ᠳᠤ᠂ ᠠᠮᠢ ᠨᠠᠰᠤᠨ ᠤ ᠬᠢᠵᠠᠭᠠᠷ ᠦᠭᠡᠢ ᠥᠷᠭᠡᠨ ᠠᠭᠤᠳᠠᠮ ᠢ ᠮᠡᠳᠡᠷᠡᠵᠦ᠂ ᠬᠥᠮᠦᠨ ᠤ ᠠᠮᠢᠳᠤᠷᠠᠯ ᠤᠨ | ᠬᠢᠵᠠᠭᠠᠷ ᠦᠭᠡᠢ ᠪᠣᠯᠤᠯᠴᠠᠭ᠎ᠠ ᠶᠢ ᠣᠯᠵᠤ ᠮᠡᠳᠡᠨ᠎ᠡ᠃ ᠢᠷᠡᠭᠡᠳᠦᠢ ᠶᠢᠨ ᠵᠠᠮ ᠦᠯᠦ ᠮᠡᠳᠡᠭᠳᠡᠭᠰᠡᠨ ᠴᠤ ᠴᠢ ᠶᠠᠭᠤᠨ ᠠᠴᠠ ᠴᠤ ᠠᠶᠤᠬᠤ ᠦᠭᠡᠢ ᠪᠠᠷ | ᠲᠠᠷᠠᠭᠠᠴᠢ ᠶᠢᠨ ᠨᠢᠭᠡᠨ ᠦᠯᠦ ᠮᠡᠳᠡᠬᠦ ᠥᠨᠳᠥᠷ ᠤᠷᠬᠢᠯ ᠳᠤ ᠮᠠᠴᠤᠵᠤ ᠴᠢᠳᠠᠬᠤ ᠶᠤᠮ᠃ |