ᠰᠤᠳᠠᠯ ᠤᠨ ᠬᠤᠳᠳᠤᠭ ᠪᠠᠯᠭᠠᠰᠤ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠦᠢᠯᠡᠰ ᠪᠤᠰᠬᠠᠬᠤ ᠳᠡᠭᠡᠳᠦ ᠰᠤᠷᠭᠠᠭᠤᠯᠢ ᠲᠠᠢ ᠴᠢᠳᠠᠪᠤᠷᠢᠲᠠᠨ ᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ  ᠵᠥᠪᠯᠡᠯᠴᠡᠭᠡᠷ  ᠲᠣᠭᠲᠠᠪᠠ
ᠨᠡᠶᠢᠲᠡᠯᠡᠭᠰᠡᠨ ᠴᠠᠭ᠄
2024/7/10
    ᠣᠶᠢᠷ᠎ᠠ ᠳᠤ᠂ ᠣᠷᠠᠳ ᠤᠨ ᠡᠮᠦᠨᠡᠲᠤ ᠬᠤᠰᠢᠭᠤᠨ ᠤ ᠰᠣᠳᠠᠯ ᠤᠨ ᠬᠤᠳᠳᠤᠭ ᠪᠠᠯᠭᠠᠰᠤ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠦᠢᠯᠡᠰ ᠪᠤᠰᠬᠠᠬᠤ ᠳᠡᠭᠡᠳᠦ ᠰᠤᠷᠭᠠᠭᠤᠯᠢ ᠲᠠᠢ ᠴᠢᠳᠠᠪᠤᠷᠢᠲᠠᠨ ᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ  ᠵᠢᠷᠣᠪᠠ᠃    ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠰᠣᠳᠠᠯ ᠤᠨ ᠬᠤᠳᠳᠤᠭ ᠪᠠᠯᠭᠠᠰᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ  ᠳᠤᠭᠤᠶᠢᠯᠠᠩ ᠤᠨ ᠳᠠᠷᠤᠭ᠎ᠠ ᠪᠣᠯᠭᠠᠭᠰᠠᠨ ᠴᠢᠳᠠᠪᠤᠷᠢᠲᠠᠨ ᠢ ᠬᠥᠲᠥᠯᠦᠨ ᠬᠥᠮᠦᠵᠢᠭᠦᠯᠬᠦ ᠤᠳᠤᠷᠢᠳᠬᠤ ᠳᠤᠭᠤᠶᠢᠯᠠᠩ  ᠪᠠᠶᠢᠭᠤᠯᠵᠤ᠂   ᠲᠣᠳᠣᠷᠬᠠᠶ ᠬᠡᠷᠡᠭᠵᠢᠭᠦᠯᠬᠦ ᠲᠥᠰᠦᠯ ᠲᠣᠭᠲᠠᠭᠠᠪᠠ᠃ ᠲᠣᠰ ᠲᠥᠰᠦᠯ ᠳᠤ ︽1+1+1+5+N︾ ᠤ ᠭᠤᠤᠯ ᠡᠭᠦᠷᠭᠡ ᠶᠢ  ᠲᠣᠷᠠᠳᠪᠠ᠂ ᠲᠤᠬᠠᠶᠢᠯᠠᠪᠠᠯ ᠨᠢᠭᠡ ᠤᠳᠤᠷᠢᠳᠬᠤ ᠳᠤᠭᠤᠶᠢᠯᠠᠩ᠂ ᠨᠢᠭᠡ ᠬᠡᠷᠡᠭᠵᠢᠭᠦᠯᠬᠦ ᠲᠥᠰᠦᠯ᠂ ᠨᠢᠭᠡ ᠴᠢᠳᠠᠪᠤᠷᠢᠲᠠᠨ ᠤ ᠬᠥᠮᠥᠷᠭᠡ᠂ ᠲᠠᠪᠤᠨ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢᠨ ᠲᠣᠭᠲᠠᠴᠠ ᠵᠢᠴᠢ N ᠪᠣᠳᠠᠲᠠᠶ ᠠᠵᠢᠯᠯᠠᠭᠠᠨ ᠤ ᠲᠥᠯᠥᠪᠯᠡᠭᠡ ᠪᠣᠯᠤᠨ᠎ᠠ᠃ ᠡᠨᠡ ᠬᠦ ᠰᠢᠷᠢᠰ ᠲᠥᠷᠥ ᠶᠢᠨ ᠪᠣᠳᠣᠯᠭ᠎ᠠ ᠶᠢᠨ ᠲᠣᠭᠲᠠᠴᠠ ᠪᠠᠷ ᠳᠠᠮᠵᠢᠨ᠂ ᠰᠣᠳᠠᠯ ᠤᠨ ᠬᠤᠳᠳᠤᠭ ᠪᠠᠯᠭᠠᠰᠤ ᠰᠢᠨ᠎ᠡ ᠶᠢ ᠡᠭᠦᠳᠬᠦ ᠴᠢᠨᠠᠷᠲᠠᠶ᠂ ᠠᠵᠢᠯᠯᠠᠭᠠᠨ ᠤ ᠴᠢᠨᠠᠷᠲᠠᠶ ᠪᠠ ᠵᠢᠱᠢᠶ᠎ᠡ ᠦᠵᠡᠭᠦᠯᠬᠦ ᠴᠢᠨᠠᠷᠲᠠᠶ ᠣᠨᠴᠠᠯᠢᠭᠲᠤ ᠠᠵᠤ ᠦᠢᠯᠡᠰ ᠤᠨ ᠴᠢᠳᠠᠪᠤᠷᠢᠲᠠᠨ ᠢ ᠬᠥᠮᠦᠵᠢᠭᠦᠯᠬᠦ ᠰᠢᠨ᠎ᠡ ᠵᠠᠭᠪᠤᠷ ᠢ ᠪᠣᠶ ᠪᠣᠯᠭᠠᠬᠤ ᠪᠣᠯᠤᠨ᠎ᠠ᠃    ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠲᠠᠯ᠎ᠠ ᠪᠠᠷ᠂ ᠰᠣᠳᠠᠯ ᠤᠨ ᠬᠤᠳᠳᠤᠭ ᠪᠠᠯᠭᠠᠰᠤ ︽ᠼᠠᠢ ᠹᠦ᠋ ᠸᠧ ᠶᠧ︾ ᠨᠠᠷᠠᠲᠤ ᠲᠡᠮᠳᠡᠭᠲᠦ ᠪᠠᠷ ᠤᠬᠠᠭᠤᠯᠭ᠎ᠠ ᠶᠢᠨ ᠠᠵᠢᠯ ᠦᠷᠨᠢᠬᠦᠯᠦᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠴᠢᠳᠠᠪᠤᠷᠢᠲᠠᠨ ᠢᠶᠠᠷ ᠴᠢᠳᠠᠪᠤᠷᠢᠲᠠᠨ ᠢ ᠠᠬᠢᠭᠤᠯᠬᠤ ᠠᠵᠢᠯ ᠢ ᠰᠢᠰᠲ᠋ᠧᠮᠵᠢᠭᠦᠯᠦᠨ ᠠᠬᠢᠭᠤᠯᠪᠠ᠃ ᠲᠣᠰ ᠤᠬᠠᠭᠤᠯᠭ᠎ᠠ ᠪᠠᠷ ᠳᠡᠮᠵᠢᠨ᠂ ᠰᠣᠳᠠᠯ ᠤᠨ ᠬᠤᠳᠳᠤᠭ ᠪᠠᠯᠭᠠᠰᠤ  ︽ᠼᠠᠢ ᠹᠦ᠋ ᠸᠧ ᠶᠧ︾ ᠴᠢᠳᠠᠪᠤᠷᠢᠲᠠᠨ ᠤ ᠨᠠᠷᠠᠲᠤ ᠲᠡᠮᠳᠡᠭᠲᠦ ᠶᠢᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠩ ᠣᠯᠠᠨ ᠴᠢᠳᠠᠪᠤᠷᠢᠲᠠᠨ ᠢ ᠳᠠᠶᠢᠴᠢᠯᠠᠨ ᠬᠥᠳᠡᠭᠡ ᠲᠣᠰᠬᠤᠨ ᠤ ᠤᠨᠴᠠᠯᠢᠭᠳᠤ ᠠᠵᠤ ᠦᠢᠯᠡᠰ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠬᠤ ᠪᠣᠯᠤᠨ᠎ᠠ᠃    ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠨᠢ ᠰᠣᠳᠠᠯ ᠤᠨ ᠬᠤᠳᠳᠤᠭ ᠪᠠᠯᠭᠠᠰᠤᠨ ᠳᠤ ᠵᠠᠯᠠᠭᠤᠴᠤᠳ ᠤᠨ ᠬᠤᠪᠢᠰᠬᠠᠯ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠵᠢᠭᠤᠯᠴᠢᠯᠠᠯ ᠤᠨ ᠰᠠᠭᠤᠷᠢᠨ ᠭᠠᠵᠠᠷ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠠᠳᠤᠯᠭ᠎ᠠ ᠦᠢᠯᠡᠳᠦᠯᠭᠡ ᠶᠢᠨ ᠰᠠᠭᠤᠷᠢᠨ ᠭᠠᠵᠠᠷ   ᠪᠣᠯᠭᠠᠨ᠂ ᠵᠠᠯᠠᠭᠤ ᠰᠤᠷᠤᠭᠴᠢᠳ ᠢ ᠦᠨᠳᠦᠰᠦᠨ ᠱᠠᠲᠤᠨ ᠳᠤ ᠬᠦᠨᠵᠡᠭᠡᠶᠢᠷᠡᠬᠦᠯᠵᠦ᠂ ᠤᠯᠤᠰ ᠤᠨ ᠪᠠᠶᠢᠳᠠᠯ ᠠᠷᠠᠳ ᠤᠨ ᠪᠠᠶᠢᠳᠠᠯ ᠢ ᠣᠶᠢᠯᠠᠭᠠᠭᠤᠯᠵᠤ᠂ ᠣᠶᠤᠨ ᠤ ᠪᠠ ᠲᠤᠰᠬᠠᠶ ᠮᠡᠷᠭᠡᠵᠢᠯ ᠢᠶᠠᠷ ᠣᠷᠣᠨ ᠨᠤᠲᠤᠭ ᠲᠤ ᠦᠢᠯᠡᠴᠢᠯᠡᠬᠦᠯᠬᠦ ᠪᠣᠯᠣᠨ᠎ᠠ᠃ ᠦᠢᠯᠡᠳᠦᠯᠭᠡ ᠶᠢᠨ ᠰᠤᠷᠭᠠᠨ ᠬᠥᠮᠦᠵᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠲᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠠᠪᠴᠠᠩ ᠪᠠ ᠠᠵᠠ ᠲᠣᠬᠢᠶᠠᠯ ᠬᠠᠩᠭᠠᠬᠤ ᠶᠢᠨ ᠬᠠᠮᠲᠤ ᠪᠠᠰᠠ ᠲᠣᠰ ᠪᠠᠯᠭᠠᠰᠤ ᠶᠢᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ  ᠨᠡᠮᠡᠷᠢᠯᠡᠬᠦ ᠪᠣᠯᠣᠨ᠎ᠠ᠃                                               ᠴᠠᠶᠢᠨ᠎ᠠ   
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ