ᠡᠨᠡ ᠵᠢᠯ ᠠᠴᠠ ᠨᠠᠰᠢ᠂ ᠤᠷᠠᠳ ᠤᠨ ᠡᠮᠦᠨᠡᠲᠦ ᠬᠤᠰᠢᠭᠤ ᠲᠥᠷᠥᠯ ᠵᠦᠢᠯ ᠢ ᠲᠡᠮᠡᠴᠡᠨ ᠣᠯᠵᠤ᠂ ᠪᠠᠯᠠ ᠮᠥᠩᠭᠦ ᠶᠢᠨ ᠣᠷᠣᠭᠤᠯᠤᠯᠲᠠ ᠪᠠᠨ | ᠲᠠᠰᠤᠷᠠᠯᠲᠠ ᠥᠬᠡᠶ ᠨᠡᠮᠡᠭᠳᠡᠭᠦᠯᠦᠨ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ | ᠂ ᠬᠥᠳᠡᠭᠡ ᠲᠣᠰᠬᠤᠨ ᠤ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠤ ᠪᠠᠶᠢᠨ᠎ᠠ᠃ | ᠡᠨᠡ ᠬᠤᠶᠠᠷ ᠡᠳᠦᠷ᠂ ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤᠨ ᠤ ᠶᠢᠩ ᠫᠠᠨ ᠸᠠᠨ ᠲᠣᠰᠬᠤᠨ ᠤ ᠵᠣᠣ ᠭᠧ ᠯᠢᠶᠠᠩ | ᠳᠤᠭᠤᠶᠢᠯᠠᠩ ᠤᠨ ᠮᠠᠰᠢᠨ ᠴᠠᠬᠢᠯᠭᠠᠨ ᠬᠤᠳᠳᠤᠭ ᠤᠨ ᠰᠢᠨᠡᠴᠢᠯᠡᠯᠲᠡ ᠶᠢᠨ ᠢᠨᠵᠧᠨᠧᠷᠢᠩ ᠢ ᠶᠠᠭ ᠱᠠᠯᠠᠪᠳᠠᠨ ᠬᠢᠵᠦ ᠪᠠᠶᠢᠨ᠎ᠠ᠃ ︽ᠡᠨᠡ ᠬᠤᠳᠳᠤᠭ ᠤᠨ | ᠲᠥᠯᠥᠪᠯᠡᠭᠰᠡᠨ ᠭᠦᠨᠴᠡ ᠨᠢ 280 ᠮᠧᠲᠷ ᠪᠣᠯᠣᠨ᠎ᠠ᠂ ᠣᠳᠣᠬᠠᠨ ᠳᠤ ᠨᠢᠭᠡᠨᠲᠡ 30 ᠮᠧᠲᠷ ᠢ ᠮᠠᠯᠲᠠᠭᠰᠠᠨ᠂ ᠵᠢᠱᠢᠯᠲᠡ ᠪᠠᠷ 10 ᠡᠳᠦᠷ ᠤᠨ ᠳᠠᠷᠠᠭ᠎ᠠ | ᠡᠨᠡ ᠬᠦ ᠬᠤᠳᠳᠤᠭ ᠢ ᠮᠠᠯᠲᠠᠵᠤ ᠪᠠᠷᠠᠨ᠎ᠠ᠂ ᠬᠠᠭᠠᠰ ᠰᠠᠷ᠎ᠠ ᠶᠢᠨ ᠳᠠᠷᠠᠭ᠎ᠠ ᠤᠰᠤᠨ ᠰᠤᠪᠤᠷᠭ᠎ᠠ ᠲᠠᠢ ᠬᠤᠯᠪᠣᠬᠤ ᠪᠣᠯᠣᠨ᠎ᠠ᠂ ᠤᠰᠤ ᠨᠡᠪᠲᠡᠷᠡᠭᠰᠡᠨ ᠤ | ᠳᠠᠷᠠᠭ᠎ᠠ ᠪᠦᠬᠦ ᠲᠣᠰᠬᠤᠨ ᠤ 75 ᠡᠷᠦᠬᠡ ᠶᠢᠨ 210 ᠬᠥᠮᠦᠨ᠂ 3000 ᠭᠠᠷᠤᠶ ᠮᠠᠯ ᠤᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠵᠦ | ᠳᠡᠶᠢᠯᠦᠨ᠎ᠡ︾ ᠬᠡᠮᠡᠨ ᠤᠷᠠᠳ ᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠰᠣᠷᠪᠣᠯᠵᠢᠯᠠᠭᠴᠢ ᠳᠤ | ᠬᠡᠯᠡᠪᠡ᠃ | ᠣᠶᠢᠯᠠᠭᠠᠭᠰᠠᠨ ᠢᠶᠠᠷ᠂ ᠡᠨᠡ ᠵᠢᠯ ᠤᠷᠠᠳ ᠤᠨ ᠡᠮᠦᠨᠡᠲᠦ ᠬᠤᠰᠢᠭᠤᠨ ᠤ ᠰᠢᠶᠠᠨ ᠹᠧᠩ ᠪᠠᠯᠭᠠᠰᠤ᠂ ᠮᠣᠨᠠ ᠠᠭᠤᠯᠠ ᠪᠠᠯᠭᠠᠰᠤ᠂ ᠶᠡᠭᠡ ᠰᠢᠭᠡᠲᠡᠢ | ᠪᠠᠯᠭᠠᠰᠤ᠂ ᠶᠡᠭᠡ ᠰᠢᠭᠡᠲᠡᠢ ᠮᠠᠯᠵᠢᠯ ᠤᠨ ᠲᠠᠯᠠᠪᠠᠶ᠂ ᠮᠢᠩᠭᠠᠨ ᠪᠠᠯᠭᠠᠰᠤ ᠵᠢᠴᠢ ᠰᠢ ᠰᠢᠶᠣᠣ ᠵᠣᠣ ᠪᠠᠯᠭᠠᠰᠤ ᠵᠡᠷᠭᠡ ᠭᠠᠵᠠᠷ ᠤᠨ 2 ᠲᠥᠪᠯᠡᠷᠡᠭᠦᠯᠦᠨ ᠤᠰᠤ | ᠬᠠᠩᠭᠠᠬᠤ ᠦᠢᠯᠡᠳᠪᠦᠷᠢ᠂ 1 ᠮᠠᠯᠵᠢᠯ ᠤᠨ ᠲᠠᠯᠠᠪᠠᠶ ᠶᠢᠨ 3 ᠬᠤᠪᠢᠶᠠᠷᠢ ᠲᠠᠯᠠᠪᠠᠶ ᠪᠠ 13 ᠲᠣᠰᠬᠤᠨ ᠤ 15 ᠳᠤᠭᠤᠶᠢᠯᠠᠩ ᠤᠨ ᠤᠰᠤ ᠳᠠᠮᠵᠢᠭᠤᠯᠬᠤ | ᠬᠤᠭᠤᠯᠠᠶ ᠳᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠬᠢᠵᠦ᠂ ᠬᠡᠰᠡᠭ ᠤᠰᠤ ᠬᠠᠩᠭᠠᠬᠤ ᠢᠨᠵᠧᠨᠧᠷᠢᠩ ᠤᠨ ᠤᠰᠤᠨ ᠰᠤᠷᠪᠤᠯᠵᠢ ᠶᠢᠨ ᠬᠤᠳᠳᠤᠭ | ᠵᠢᠴᠢ ᠥᠨᠳᠥᠷ ᠪᠠᠶᠢᠷᠢᠰᠢᠯ ᠤᠨ ᠤᠰᠤᠨ ᠴᠥᠭᠦᠷᠥᠮ ᠢ ᠰᠢᠨᠡᠳᠬᠡᠵᠦ᠂ 4541 ᠡᠷᠦᠬᠡ ᠶᠢᠨ 10535 ᠬᠥᠮᠦᠨ ᠤᠰᠤ ᠬᠠᠩᠭᠠᠬᠤ ᠪᠠᠲᠣᠯᠠᠭ᠎ᠠ ᠳᠤ | ᠬᠤᠯᠪᠣᠭᠳᠠᠬᠤ ᠪᠤᠯᠤᠨ᠎ᠠ᠃ | | ᠴᠠᠶᠢᠨ᠎ᠠ |