ᠤᠢᠢᠷ᠎ᠠ ᠶᠢᠨ ᠵᠢᠯ ᠠᠴᠠ᠂ ᠴᠠᠬᠢᠯᠭᠠᠨ ᠬᠥᠳᠡᠯᠭᠡᠭᠦᠷᠲᠦ ᠲᠡᠷᠭᠡ᠂ ᠭᠤᠷᠪᠠᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠨᠢᠭᠡᠨᠲᠡ ᠲᠣᠰᠬᠤᠨ ᠤ | ᠠᠷᠠᠳ ᠤᠨ ᠦᠢᠯᠡᠳᠪᠦᠷᠢᠯᠡᠯ ᠠᠮᠢᠳᠣᠷᠠᠯ ᠤᠨ ᠵᠠᠮ ᠬᠠᠷᠢᠯᠴᠠᠭᠠᠨ ᠤ ᠪᠠᠭᠠᠵᠢ ᠪᠣᠯᠪᠠ︔ ᠭᠡᠪᠡᠴᠣ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ | ᠴᠡᠨᠡᠭᠯᠡᠬᠦ ᠠᠰᠠᠭᠤᠳᠠᠯ ᠨᠢ ᠣᠷᠠᠳ ᠤᠨ ᠡᠮᠦᠨᠡᠲᠤ ᠬᠤᠰᠢᠭᠤᠨ ᠤ ᠰᠢᠨ ᠠᠨ ᠪᠠᠯᠭᠠᠰᠣᠨ ᠤ ᠴᠠᠩ ᠱᠧᠩ ᠰᠠᠭᠤᠭᠠᠯᠢ ᠲᠣᠭᠤᠷᠢᠭ ᠤᠨ ᠠᠷᠠᠳ ᠤᠨ | ᠨᠢᠭᠡᠨ ᠬᠦᠴᠢᠷ ᠠᠰᠠᠭᠤᠳᠠᠯ ᠪᠣᠯᠣᠭᠰᠠᠭᠠᠷ ᠢᠷᠡᠵᠠᠢ᠃ ᠵᠠᠷᠢᠮ ᠲᠣᠰᠬᠤᠨ ᠤ ᠠᠷᠠᠳ ᠦᠷᠭᠦᠯᠵᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠰᠠᠷ ᠲᠤ | ᠣᠷᠣᠭᠤᠯᠵᠣ ᠴᠡᠨᠡᠭᠯᠡᠳᠡᠭ᠂ ᠪᠠᠰᠠ ᠵᠠᠷᠢᠮ ᠨᠢ ᠦᠨᠳᠣᠷ ᠠᠰᠠᠷ ᠠᠴᠠ ᠴᠠᠬᠢᠯᠭᠠᠨ ᠣᠲᠠᠰᠣ ᠲᠠᠲᠠᠵᠤ ᠴᠡᠨᠡᠭᠯᠡᠳᠡᠭ ᠪᠠᠶᠢᠨ᠎ᠠ᠃ ᠡᠳᠡᠭᠡᠷ ᠨᠢ ᠴᠦᠮ | ᠭᠠᠯ ᠤᠨ ᠠᠶᠤᠯ ᠤᠨ ᠠᠮᠤᠷ ᠲᠦᠪᠰᠢᠨ ᠤ ᠠᠳᠡᠯ ᠭᠠᠷᠴᠤ ᠮᠡᠳᠡᠭᠦ ᠪᠦᠭᠡᠳ ᠲᠡᠳᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠲᠠᠢ | ᠮᠠᠰᠢ ᠶᠡᠭᠡ ᠬᠤᠯᠪᠣᠭ᠎ᠠ ᠲᠠᠢ ᠶᠣᠮ᠃ | ᠲᠣᠰ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠠᠴᠠ ᠰᠠᠭᠤᠭᠠᠯᠢ ᠲᠣᠭᠤᠷᠢᠭ ᠤᠨ ᠠᠷᠠᠳ ᠤᠨ ᠴᠠᠬᠢᠯᠭᠠᠨ | ᠴᠡᠨᠡᠭᠯᠡᠬᠦ ᠬᠡᠷᠡᠭᠴᠡᠭᠡ ᠶᠢ ᠣᠶᠢᠯᠠᠭᠠᠭᠰᠠᠨ ᠪᠥᠭᠡᠳ ᠪᠠᠶᠢᠳᠠᠯ ᠢᠶᠠᠨ ᠴᠠᠭ ᠲᠤᠬᠠᠶ ᠳᠤᠨᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ | ᠮᠡᠳᠡᠭᠦᠯᠪᠡ᠃ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠶ ᠳᠤᠨᠢ | ᠲᠣᠰᠬᠤᠨ ᠤ ᠠᠷᠠᠳ ᠲᠤ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠪᠠᠷ ᠲᠣᠭᠲᠠᠪᠠ᠃ | ᠣᠳᠣᠬᠠᠨ ᠳᠤ᠂ ᠴᠠᠩ ᠱᠧᠩ ᠰᠠᠭᠤᠭᠠᠯᠢ ᠲᠣᠭᠤᠷᠢᠭ ᠤᠨ 124 ᠡᠷᠦᠬᠡ ᠶᠢᠨ 90% ᠶᠢᠨ ᠬᠦᠮᠦᠰ ᠴᠠᠬᠢᠯᠭᠠᠨ ᠴᠡᠨᠡᠭᠯᠡᠬᠦ ᠺᠠᠷᠲ ᠲᠠᠢ ᠪᠣᠯᠵᠣ | ᠴᠠᠬᠢᠯᠭᠠᠨ ᠬᠥᠳᠡᠯᠭᠡᠭᠦᠷᠲᠦ ᠲᠡᠷᠭᠡᠨ ᠳᠤ ᠪᠠᠨ ᠴᠠᠬᠢᠯᠭᠠᠨ ᠴᠡᠨᠡᠭᠯᠡᠬᠦ ᠳᠤ ᠲᠦᠬᠦᠮ ᠪᠣᠯᠣᠭᠰᠠᠨ ᠪᠠᠶᠢᠨ᠎ᠠ᠃ ᠴᠠᠬᠢᠯᠭᠠᠨ ᠴᠡᠨᠡᠭᠯᠡᠬᠦ ᠪᠠᠭᠠᠨ᠎ᠠ ᠶᠢ | ᠤᠭᠰᠠᠷᠠᠭᠰᠠᠨ ᠨᠢ ᠲᠣᠰᠬᠤᠨ ᠤ ᠠᠷᠠᠳ ᠤᠨ ᠠᠮᠢᠳᠤᠷᠠᠯ ᠢ ᠨᠠᠩ ᠳᠥᠭᠦᠮ ᠳᠥᠲᠡ ᠪᠣᠯᠭᠠᠭᠰᠠᠨ ᠢᠶᠠᠷ ᠪᠠᠷᠠᠬᠤ ᠥᠬᠡᠶ ᠪᠠᠰᠠ ᠲᠡᠳᠡᠨ ᠤ ᠠᠮᠤᠷ | ᠲᠦᠪᠰᠢᠨ ᠤ ᠳᠠᠯᠳᠠ ᠬᠡᠮ ᠢ ᠠᠷᠢᠯᠭᠠᠭᠰᠠᠨ ᠪᠠᠶᠢᠨ᠎ᠠ᠃ | ᠴᠠᠶᠢᠨ᠎ᠠ | | |