ᠣᠷᠠᠳ ᠤᠨ ᠡᠮᠦᠨᠡᠲᠤ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/7/17
    ︽ᠤᠷᠠᠳ ᠤᠨ ᠡᠮᠦᠨᠡᠲᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠣᠳᠬᠠᠬᠤ ᠭᠤᠤᠯ ᠱᠤᠭᠤᠮ ᠢ ᠪᠥᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ︿ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ﹀ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠦᠷᠨᠢᠬᠦᠯᠦᠨ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠲᠣᠰ ᠬᠤᠰᠢᠭᠤᠨ ᠤ ᠱᠠᠯᠠᠪᠳᠠᠭᠤᠯᠣᠨ ᠪᠠᠶᠢᠴᠠᠭᠠᠬᠤ ᠳᠤᠭᠤᠶᠢᠯᠠᠩ ᠠᠴᠠ  ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠯᠲᠠ ᠬᠢᠪᠠ᠃    ᠡᠩ ᠲᠡᠷᠢᠭᠦᠨ ᠳᠤ᠂ ᠱᠠᠯᠠᠪᠳᠠᠭᠤᠯᠣᠨ ᠪᠠᠶᠢᠴᠠᠭᠠᠬᠤ ᠳᠤᠭᠤᠶᠢᠯᠠᠩ ᠠᠴᠠ ᠲᠣᠰ ᠲᠣᠪᠴᠢᠶ᠎ᠠ ᠶᠢᠨ ᠳᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠳᠬᠡᠭᠰᠡᠨ ᠪᠠᠶᠢᠳᠠᠯ ᠳᠤ ᠪᠠᠶᠢᠴᠠᠭᠠᠯᠲᠠ ᠬᠢᠬᠦ ᠶᠢᠨ ᠬᠠᠮᠲᠤ ᠵᠢᠭᠠᠨ ᠵᠢᠯᠣᠭᠤᠳᠬᠤ ᠪᠠ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠥᠭᠴᠦ᠂ ᠡᠭᠦᠳᠦᠨ ᠪᠠᠶᠢᠭᠤᠯᠬᠤ ᠠᠵᠢᠯᠯᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠬᠡᠮᠡᠨ ᠱᠠᠭᠠᠷᠳᠠᠬᠤ ᠶᠢᠨ ᠬᠠᠮᠲᠤ ᠤᠳᠤᠷᠢᠳᠬᠤ ᠺᠠᠳ᠋ᠷ ᠢ ᠰᠤᠭᠤᠴᠢᠨ ᠪᠠᠶᠢᠴᠠᠭᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠰᠢᠯᠭᠠᠯᠲᠠ ᠬᠢᠪᠡ᠃ ᠰᠢᠯᠭᠠᠯᠲᠠ ᠪᠠᠷ ᠳᠠᠮᠵᠢᠨ᠂ ᠤᠳᠤᠷᠢᠳᠬᠤ ᠺᠠᠳ᠋ᠷ ᠠᠵᠢᠯᠲᠠᠨ ᠤ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠵᠡᠷᠭᠡ ᠦᠨᠳᠦᠰᠦᠨ ᠮᠡᠳᠡᠯᠭᠡ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠺᠠᠳ᠋ᠷ ᠠᠵᠢᠯᠲᠠᠨ  ᠤ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠪᠦᠲᠦᠮᠵᠢᠲᠡᠶ ᠴᠢᠩᠭᠠᠳᠬᠠᠵᠤ᠂ ︽ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠵᠤ᠂ ᠰᠤᠷᠤᠯᠴᠠᠬᠤ ᠪᠠᠷ ᠬᠡᠷᠡᠭᠯᠡᠬᠦ ᠶᠢ ᠠᠬᠢᠭᠤᠯᠬᠤ︾ ᠵᠣᠷᠢᠯᠭ᠎ᠠ ᠳᠤ ᠬᠦᠷᠭᠡᠪᠡ᠃   ᠳᠠᠷᠠᠭ᠎ᠠ ᠨᠢ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠲᠣᠰ ᠲᠣᠪᠴᠢᠶ᠎ᠠ ᠶᠢᠨ ᠤᠬᠠᠭᠤᠯᠬᠤ ᠠᠷᠭ᠎ᠠ ᠬᠡᠯᠪᠡᠷᠢ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠵᠡᠷᠭᠡ ᠶᠢ ᠲᠣᠭᠤᠷᠢᠨ ᠦᠵᠡᠬᠦ ᠶᠢᠨ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠤᠯᠪᠣᠭᠳᠠᠯ ᠪᠥᠬᠦᠶ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠠᠶᠢᠭᠤᠯᠬᠤ ᠬᠡᠷᠡᠭᠲᠡᠶ ᠭᠡᠵᠦ ᠰᠠᠨᠠᠭᠤᠯᠪᠠ᠃   ᠲᠣᠰ ᠤᠳᠠᠭᠠᠨ ᠤ  ᠪᠠᠶᠢᠴᠠᠭᠠᠯᠲᠠ ᠪᠠᠷ ᠳᠡᠮᠵᠢᠨ᠂ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠴᠢᠭᠯᠡᠯ ᠪᠠ ᠬᠠᠷᠠᠯᠲᠠ ᠡᠭᠦᠷᠭᠡ ᠶᠢ ᠨᠠᠩ ᠲᠣᠳᠣᠷᠬᠠᠶ ᠪᠣᠯᠭᠠᠵᠤ᠂ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠬᠤ ᠤᠬᠠᠮᠰᠠᠷᠲᠤ ᠴᠢᠨᠠᠷ ᠪᠠ ᠢᠳᠡᠪᠬᠢᠵᠢᠯ ᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠡᠭᠦᠳᠦᠨ ᠪᠠᠶᠢᠭᠤᠯᠬᠤ ᠠᠵᠢᠯ ᠢ ᠣᠶᠢᠯᠠᠭᠠᠬᠤ ᠨᠣᠷᠮ᠎ᠠ᠂ ᠳᠡᠮᠵᠢᠬᠦ ᠨᠣᠷᠮ᠎ᠠ᠂ ᠣᠷᠣᠯᠴᠠᠬᠤ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠣᠷᠠᠳ ᠤᠨ ᠡᠮᠦᠨᠡᠲᠤ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠡᠨᠡ ᠬᠦ ᠭᠤᠤᠯ ᠱᠤᠭᠤᠮ ᠤᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠥᠬᠦ ᠺᠠᠳ᠋ᠷ ᠠᠵᠢᠯᠲᠠᠨ  ᠢ ᠳᠠᠶᠢᠴᠢᠯᠠᠨ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠣᠷᠣᠯᠴᠠᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃                                           ᠴᠠᠶᠢᠨ᠎ᠠ
ᠢᠷᠡᠯᠲᠡ᠄ ᠲᠣᠲᠣᠷᠬᠠᠢ ᠦᠭᠡᠢ