ᠰᠣᠶᠣᠯᠲᠤ ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 81 ᠳ᠋ᠦ᠋ᠭᠡᠷ ᠤᠳᠠᠭᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ 6 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2024/7/17
   7 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 81 ᠳ᠋ᠦ᠋ᠭᠡᠷ ᠤᠳᠠᠭᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ 6 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠪᠠ᠃

微信图片_20240717105413.jpg

  

   ᠬᠤᠷᠠᠯ  ᠳᠤ ᠶᠡᠷᠦᠩᠬᠡᠢ ᠱᠦᠵᠢ ᠰᠢ ᠶᠢᠨ ᠫᠢᠩ ᠤᠨ ᠵᠤᠭᠠᠴᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ

ᠲᠡᠷᠢᠭᠦᠯᠡᠭᠴᠢ ᠸᠠᠩ ᠯᠢ ᠰᠢᠶᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠤᠭᠠᠴᠠᠯ ᠤᠨ ᠬᠥᠭᠵᠢᠯᠲᠡ ᠶᠢᠨ ᠶᠡᠭᠡ ᠬᠤᠷᠠᠯ ᠳᠡᠭᠡᠷᠡᠬᠢ

ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃

ᠬᠤᠷᠠᠯ ᠠᠴᠠ ᠵᠢᠭᠠᠵᠤ ᠭᠠᠷᠭᠠᠭᠰᠠᠨ ᠨᠢ᠂ ᠵᠢᠭᠤᠯᠴᠢᠯᠠᠯ ᠤᠨ ᠬᠥᠭᠵᠢᠯᠲᠡ ᠶᠢ ᠪᠥᠬᠦ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ

ᠪᠠᠶᠢᠭᠤᠯᠤᠯᠲᠠ ᠶᠢᠨ ᠪᠥᠬᠦ ᠲᠠᠯ᠎ᠠ ᠳᠤ ᠲᠠᠯᠪᠢᠨ ᠲᠥᠯᠥᠪᠵᠢᠭᠦᠯᠦᠨ ᠠᠬᠢᠭᠤᠯᠵᠤ᠂ ᠪᠥᠬᠦ ᠬᠤᠰᠢᠭᠤᠨ ᠤ ᠳᠠᠯᠳᠠ ᠰᠣᠶᠣᠯ ᠤᠨ ᠨᠠᠷᠠᠲᠤ ᠲᠥᠷᠥᠯ

ᠲᠡᠮᠳᠡᠭᠲᠦ ᠶᠢᠨ ᠥᠷᠲᠡᠭ ᠢ ᠭᠦᠢᠴᠡᠳ ᠠᠭᠤᠳᠠᠯᠤᠨ ᠥᠷᠭᠡᠳᠬᠡᠵᠦ᠂ ᠤᠨᠴᠠᠯᠢᠬᠳᠤ ᠵᠢᠭᠤᠯᠴᠢᠯᠠᠯ ᠤᠨ ᠵᠠᠭᠪᠤᠷ ᠢ ᠰᠢᠨ᠎ᠡ ᠪᠠᠷ ᠡᠭᠦᠳᠦᠨ ᠳᠡᠯᠭᠡᠷᠡᠭᠦᠯᠵᠦ᠂

ᠵᠢᠭᠤᠯᠴᠢᠯᠠᠯ ᠤᠨ ᠵᠠᠬ᠎ᠠ ᠳᠡᠯᠭᠡᠭᠦᠷ ᠤᠨ ︽ᠬᠥᠭᠵᠢᠶᠡᠨᠲᠡᠶ︾ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ

ᠬᠦᠴᠦᠨ ᠨᠡᠮᠡᠷᠢᠯᠡᠬᠦ ᠬᠡᠷᠡᠭᠲᠡᠶ ᠬᠡᠪᠡ᠃

   ᠬᠤᠷᠠᠯ ᠠᠴᠠ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠭᠠᠰ ᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽

2024 ᠣᠨ ᠤ ᠰᠤᠮᠤ ᠪᠠᠯᠭᠠᠰᠤ ︵ᠲᠠᠷᠢᠶᠠᠯᠠᠩ ᠮᠠᠯᠵᠢᠯ ᠤᠨ ᠲᠠᠯᠠᠪᠠᠢ︶ ᠶᠢᠨ ᠨᠠᠮ ᠤᠨ ᠬᠤᠷᠢᠶᠠᠨ ᠤ ᠱᠦᠵᠢ ᠶᠢᠨ ︽ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠤᠷᠤᠯᠳᠤᠭᠠᠨ ᠤ ᠲᠠᠪᠴᠠᠩ ᠤᠨ ᠮᠥᠷᠦ᠋ᠢᠴᠡᠭᠡᠨ︾ ᠤ ᠠᠵᠢᠯᠯᠠᠭ᠎ᠠ ᠶᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ ︵

ᠬᠢᠨᠠᠨ ᠵᠥᠪᠯᠡᠬᠦ ᠨᠤᠤᠷᠠᠭ︶︾ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠬᠢᠨᠠᠨ ᠵᠥᠪᠯᠡᠪᠡ᠃

   ᠬᠤᠷᠠᠯ ᠠᠴᠠ ᠱᠠᠭᠠᠷᠳᠠᠭᠰᠠᠨ ᠨᠢ᠂ ᠨᠢᠭᠡ ᠪᠦᠯᠦᠭ ︽ᠠᠵᠢᠯ ᠬᠢᠵᠦ ᠠᠳᠠᠯ ᠦᠢᠯᠡᠰ ᠴᠣᠭᠴᠠᠯᠠᠭᠰᠠᠨ ᠰᠠᠶᠢᠨ ᠨᠠᠮ ᠤᠨ ᠬᠤᠷᠢᠶ᠎ᠠ ︵ᠨᠠᠮ ᠤᠨ

ᠤᠳᠤᠷᠢᠳᠬᠤ ᠳᠤᠭᠤᠶᠢᠯᠠᠩ︶᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠱᠦᠵᠢ︾ ᠶᠢ ᠰᠣᠩᠭᠤᠨ᠂ ᠥᠷᠭᠡᠨ ᠣᠯᠠᠨ

ᠨᠠᠮ ᠤᠨ ᠭᠡᠰᠢᠭᠦᠨ ᠺᠠᠳ᠋ᠷᠴᠤᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ

ᠦᠢᠯᠡᠰ ᠲᠤ ᠣᠷᠣᠯᠴᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠴᠢᠨᠠᠷ ᠰᠠᠶᠢᠲᠠᠶ

ᠬᠥᠭᠵᠢᠯᠲᠡ ᠳᠤ ᠬᠦᠴᠦᠨ ᠴᠢᠳᠠᠯ ᠣᠯᠭᠤᠬᠤ ᠬᠡᠷᠡᠭᠲᠡᠶ  ᠬᠡᠪᠡ᠃

    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ

ᠦᠪᠡᠷᠲᠡᠭᠡᠨ ᠵᠠᠰᠠᠬᠤ ᠣᠷᠣᠨ ᠢᠶᠠᠨ ᠵᠠᠰᠠᠬᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠪᠠ ︽ᠳᠤᠮᠳᠠᠳᠤ ᠤᠯᠤᠰ ᠤᠨ ᠡᠪ

ᠬᠠᠮᠲᠤ ᠨᠠᠮ ᠤᠨ ᠪᠠᠶᠠᠨᠨᠠᠭᠤᠷ ᠬᠤᠲᠠ ᠶᠢᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠵᠥᠪᠯᠡᠯ ᠤᠨ ᠠᠵᠢᠯ ᠤᠨ ᠲᠦᠷᠢᠮ︾ ᠢ

ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠡᠮᠦᠨᠡᠲᠦ ᠬᠤᠰᠢᠭᠤᠨ ᠤ ᠬᠤᠷᠢᠶ᠎ᠠ ᠶᠢᠨ ᠪᠥᠬᠦ ᠲᠠᠯ᠎ᠠ ᠪᠠᠷ

ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ 2024 ᠣᠨ ᠤ ᠠᠵᠢᠯ ᠤᠨ ᠭᠤᠤᠯᠳᠠᠯᠭ᠎ᠠ ︵ᠬᠢᠨᠠᠨ ᠵᠥᠪᠯᠡᠬᠦ ᠨᠣᠤᠷᠠᠭ︶︾ ᠶᠢ ᠬᠢᠨᠠᠨ ᠵᠥᠪᠯᠡᠪᠡ᠃

    ᠬᠤᠷᠠᠯ ᠠᠴᠠ᠂ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠲᠤᠯᠭᠠᠮ ᠴᠢᠨᠠᠷ ᠢ ᠭᠦᠨᠵᠡᠭᠡᠶ ᠲᠠᠨᠢᠵᠤ᠂

ᠲᠣᠭᠤᠷᠢᠭ᠂ ᠬᠤᠲᠠ ᠶᠢᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠬᠠᠤᠯᠢ ᠪᠠᠷ ᠬᠤᠰᠢᠭᠤ ᠪᠠᠨ

ᠵᠠᠰᠠᠬᠤ ᠠᠵᠢᠯ ᠳᠤ ᠪᠥᠬᠦ ᠲᠠᠯ᠎ᠠ ᠪᠠᠷ ᠲᠤᠭᠤᠰᠢᠯᠠᠭᠤᠯᠵᠤ᠂ ᠡᠯ᠎ᠡ ᠵᠦᠢᠯ ᠤᠨ ᠠᠵᠢᠯ ᠢ ᠨᠠᠷᠢᠯᠢᠭ ᠪᠥᠭᠡᠳ ᠪᠣᠳᠠᠲᠠᠶ ᠪᠠᠷ ᠬᠢᠬᠦ ᠶᠢ ᠪᠠᠲᠤᠯᠠᠬᠤ ᠬᠡᠷᠡᠭᠲᠡᠶ

ᠭᠡᠵᠡᠢ᠃

   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

   

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ