| ᠠᠭᠤᠤ ᠶᠡᠭᠡ ᠡᠬᠡ ᠤᠯᠤᠰ ᠢᠶᠠᠨ ᠮᠡᠳᠡᠷᠡᠨ᠎ᠡ︔ ᠳᠤᠮᠳᠠᠳᠤ ᠶᠢᠨ ᠦᠨᠳᠦᠰᠦᠲᠡᠨ ᠢᠶᠠᠨ ᠮᠡᠳᠡᠷᠡᠨ᠎ᠡ᠂ ᠳᠤᠮᠳᠠᠳᠤ ᠶᠢᠨ ᠰᠣᠶᠣᠯ ᠢ ᠮᠡᠳᠡᠷᠡᠨ | ᠵᠥᠪᠰᠢᠶᠡᠷᠡᠨ᠎ᠡ︔ ᠳᠤᠮᠳᠠᠳᠤ ᠤᠯᠤᠰ ᠤᠨ ᠡᠪ ᠬᠠᠮᠲᠤ ᠨᠠᠮ ᠢ ᠵᠥᠪᠰᠢᠶᠡᠷᠡᠨ᠎ᠡ︔ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠮᠡᠳᠡᠷᠡᠨ᠎ᠡ | ᠃ | 1. ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ︽ᠬᠤᠶᠠᠷ ᠣᠯᠠᠨ ᠬᠤᠶᠠᠷ ᠡᠷᠡᠰ ᠰᠢᠭᠤᠷᠬᠠᠶ︾ ᠭᠡᠳᠡᠭ ᠤᠨ ᠠᠭᠤᠯᠭ᠎ᠠ ᠨᠢ ᠶᠠᠭᠤ ᠪᠣᠢ︖ | ᠦᠨᠳᠦᠰᠦᠲᠡᠨ ᠤ ᠪᠦᠯᠬᠦᠮᠳᠡᠯ ᠳᠤ ᠠᠰᠢᠭᠲᠠᠶ ᠦᠭᠡ ᠶᠢ ᠢᠯᠡᠭᠦᠬᠡᠨ ᠶᠠᠷᠢᠵᠤ᠂ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠦᠭᠡ ᠶᠢ | ᠶᠠᠭᠠᠬᠢᠭᠰᠠᠨ ᠴᠤ ᠬᠡᠯᠡᠬᠦ ᠦᠭᠡᠢ᠂ ᠦᠨᠳᠦᠰᠦᠲᠡᠨ ᠤ ᠪᠦᠯᠬᠦᠮᠳᠡᠯ ᠳᠤ ᠠᠰᠢᠭᠲᠠᠶ ᠶᠠᠪᠤᠳᠠᠯ ᠢ ᠢᠯᠡᠭᠦᠬᠡᠨ ᠬᠢᠵᠦ᠂ ᠦᠨᠳᠦᠰᠦᠲᠡᠨ ᠤ ᠪᠦᠯᠬᠦᠮᠳᠡᠯ ᠳᠤ | ᠠᠰᠢᠭ ᠦᠭᠡᠢ ᠶᠠᠪᠤᠳᠠᠯ ᠢ ᠶᠠᠭᠠᠬᠢᠭᠰᠠᠨ ᠴᠤ ᠬᠢᠬᠦ ᠦᠭᠡᠢ ᠪᠠᠶᠢᠬᠤ ᠬᠡᠷᠡᠭᠲᠡᠶ᠃ | 2. ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠢ ᠶᠢ ᠨᠡᠷᠡᠶᠢᠳᠬᠦ | ᠠᠷᠭ᠎ᠠ︾ ᠶᠢ ᠬᠡᠵᠢᠶ᠎ᠡ ᠨᠡᠶᠢᠲᠡᠯᠡᠵᠦ ᠬᠡᠷᠡᠭᠵᠢᠭᠦᠯᠦᠭᠰᠡᠨ ᠪᠣᠢ︖ | 2020 ᠣᠨ ᠤ 3 ᠰᠠᠷ᠎ᠠ ᠶᠢᠨ 27 ᠤ ᠡᠳᠦᠷ᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠣᠷᠣᠨ ᠤ ᠵᠢᠱᠢᠶ᠎ᠡ ᠦᠵᠡᠭᠦᠯᠬᠦ ᠨᠢᠭᠡᠴᠡ ᠶᠢ ᠨᠡᠷᠡᠶᠢᠳᠬᠦ ᠠᠷᠭ᠎ᠠ︾ ᠶᠢ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠶᠢᠨ ᠠᠵᠢᠯ ᠤᠨ | ᠬᠤᠷᠠᠯᠳᠤᠭᠠᠨ ᠠᠴᠠ ᠬᠢᠨᠠᠨ ᠶᠠᠷᠢᠯᠴᠠᠵᠤ ᠪᠠᠲᠤᠯᠠᠭᠠᠳ ᠵᠢᠩᠬᠢᠨᠢ ᠪᠠᠷ ᠨᠡᠶᠢᠲᠡᠯᠡᠨ ᠬᠡᠷᠡᠭᠵᠢᠭᠦᠯᠪᠡ᠃ | 3. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢᠨ ᠣᠨᠴᠠᠯᠢᠭ ᠨᠢ ᠶᠠᠭᠤ ᠪᠣᠢ︖ | ᠲᠣᠳᠣᠷᠬᠠᠶ ᠵᠣᠷᠢᠯᠭᠠᠲᠤ ᠴᠢᠨᠠᠷ᠂ ᠥᠷᠭᠡᠨ ᠳᠡᠯᠭᠡᠷᠡᠩᠭᠦᠶ ᠤᠯᠠᠨ ᠲᠦᠮᠡᠨᠴᠢ ᠴᠢᠨᠠᠷ᠂ ᠢᠯᠡ ᠲᠣᠳᠣ ᠴᠠᠭ ᠦᠶᠡᠴᠢ ᠴᠢᠨᠠᠷ᠂ ᠬᠡᠯᠪᠡᠷᠢ ᠶᠢᠨ ᠤᠯᠠᠨ | ᠶᠠᠩᠵᠤᠲᠤ ᠴᠢᠨᠠᠷ᠂ ᠥᠨᠢᠳᠡ ᠶᠢᠨ ᠰᠢᠨ᠎ᠡ ᠶᠢ ᠡᠭᠦᠳᠬᠦ ᠴᠢᠨᠠᠷ᠂ ᠦᠨᠡᠨ ᠪᠣᠳᠠᠲᠠᠶ ᠬᠠᠨᠳᠤᠯᠭᠠᠲᠤ ᠴᠢᠨᠠᠷ ᠵᠡᠷᠭᠡ ᠪᠣᠯᠤᠨ᠎ᠠ᠃ | 4. ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠢ ᠳᠤ ᠬᠡᠷᠬᠢᠨ | ᠮᠡᠳᠡᠭᠦᠯᠬᠦ ᠪᠣᠢ︖ | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠢ ᠶᠢᠨ ᠮᠡᠳᠡᠭᠦᠯᠬᠦ | ᠠᠵᠢᠯ ᠢ ᠮᠤᠵᠢ ᠶᠢᠨ ᠱᠠᠲᠤᠨ ᠤ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ︵ᠡᠰᠡᠬᠦᠯ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠰᠠᠯᠠᠭ᠎ᠠ ᠮᠥᠴᠢᠷ︶ ᠠᠴᠠ ᠤᠯᠤᠰ ᠤᠨ ᠰᠢᠯᠭᠠᠨ ᠲᠣᠭᠲᠠᠭᠠᠬᠤ ᠭᠦᠢᠴᠡᠳᠬᠡᠯ ᠲᠤᠭ᠎ᠠ ᠲᠠᠢ ᠬᠠᠷᠢᠴᠠᠭᠤᠯᠵᠤ᠂ ᠮᠡᠳᠡᠭᠦᠯᠬᠦ ᠪᠠᠷ | ᠪᠠᠶᠢᠭ᠎ᠠ ᠭᠠᠵᠠᠷ ᠣᠷᠣᠨ ᠪᠠ ᠨᠢᠭᠡᠴᠢ ᠳᠤ ᠠᠩᠬᠠᠨ ᠤ ᠰᠢᠯᠭᠠᠯᠲᠠ ᠬᠢᠵᠦ᠂ ᠮᠤᠵᠢ ᠶᠢᠨ ᠱᠠᠲᠤᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ | ᠳᠤᠭᠤᠶᠢᠯᠠᠩ ᠪᠤᠶᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠳᠤ | ᠮᠡᠳᠡᠭᠦᠯᠦᠨ᠎ᠡ᠃ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠵᠢᠯ ᠪᠦᠷᠢ ᠨᠢᠭᠡ ᠪᠦᠯᠦᠭ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠢ ᠶᠢ ᠨᠡᠷᠡᠶᠢᠳᠦᠨ᠎ᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ ᠵᠢᠯ ᠪᠦᠷᠢ ᠶᠢᠨ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠳᠤ ᠵᠢᠱᠢᠶ᠎ᠡ ᠦᠵᠡᠭᠦᠯᠬᠦ ᠲᠣᠭᠤᠷᠢᠭ ᠤᠨ ᠵᠢᠱᠢᠶ᠎ᠡ ᠦᠵᠡᠭᠦᠯᠬᠦ ᠨᠢᠭᠡᠴᠡ ᠳᠤ ᠭᠤᠶᠤᠴᠢᠯᠠᠨ ᠮᠡᠳᠡᠭᠦᠯᠵᠦ᠂ ᠰᠢᠯᠭᠠᠨ ᠠᠪᠬᠤ ᠭᠤᠶᠤᠴᠢᠯᠠᠯ | ᠭᠠᠷᠭᠠᠨ᠎ᠠ᠃ | 5. ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠢ ᠳᠤ | ᠮᠡᠳᠡᠭᠦᠯᠬᠦ ᠳᠤ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠴᠢᠬᠤᠯᠠᠲᠠᠶ ᠪᠣᠶ︖ | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ ᠪᠠᠷ ᠮᠡᠳᠡᠭᠦᠯᠬᠦ ᠳᠤ | ᠡᠷᠬᠡᠪᠰᠢ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ ᠶᠢᠨ | ᠮᠡᠳᠡᠭᠦᠯᠬᠦ ᠬᠦᠰᠦᠨᠦᠭᠲᠦ︾ ᠪᠠ ᠠᠩᠬᠠᠨ ᠤ ᠰᠢᠯᠭᠠᠯᠲᠠ ᠶᠢᠨ ᠮᠡᠳᠡᠭᠦᠯᠦᠯᠲᠡ ᠶᠢ ᠲᠤᠰᠢᠶᠠᠬᠤ ᠬᠡᠷᠡᠭᠲᠡᠶ᠃ ᠬᠤᠲᠠ ︵ᠲᠣᠭᠤᠷᠢᠭ᠂ ᠵᠧᠤ᠂ ᠠᠶᠢᠮᠠᠭ︶ ᠨᠢ | ᠭᠤᠷᠪᠠᠳᠠᠬᠢ ᠡᠲᠡᠭᠡᠳ ᠠᠴᠠ ᠲᠣᠰ ᠬᠤᠲᠠ ︵ᠲᠣᠭᠤᠷᠢᠭ᠂ ᠵᠧᠤ᠂ ᠠᠶᠢᠮᠠᠭ︶ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠲᠤᠰᠢᠶᠠᠬᠤ ᠬᠡᠷᠡᠭᠲᠡᠶ᠃ | 6. ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ ᠶᠢ ᠨᠡᠷᠡᠶᠢᠳᠬᠦ | ᠬᠦᠴᠦᠨ ᠲᠠᠢ ᠬᠤᠭᠤᠴᠠᠭ᠎ᠠ ᠨᠢ ᠬᠡᠳᠦᠨ ᠵᠢᠯ ᠪᠣᠶ︖ | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ ᠳᠤ ᠬᠥᠳᠡᠯᠦᠩᠭᠦᠶ | ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠶᠢ 5 ᠵᠢᠯ ᠢᠶᠠᠷ ᠨᠡᠷᠡᠶᠢᠳᠪᠡ᠃ ᠨᠡᠷᠡᠶᠢᠳᠦᠭᠳᠡᠭᠡᠳ 5 ᠵᠢᠯ ᠤᠨ | ᠬᠤᠭᠤᠴᠠᠭ᠎ᠠ ᠨᠢ ᠳᠦᠭᠦᠷᠦᠭᠰᠡᠨ ᠪᠠᠶᠢᠪᠠᠯ᠂ ᠡᠷᠬᠡᠪᠰᠢ ᠳᠠᠭᠢᠵᠤ ᠮᠡᠳᠡᠭᠦᠯᠬᠦ ᠬᠡᠷᠡᠭᠲᠡᠶ᠃ | 7. ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠠᠴᠠ ᠵᠢᠱᠢᠶ᠎ᠡ ᠦᠵᠡᠭᠦᠯᠬᠦ ᠬᠤᠲᠠ ︵ᠲᠣᠭᠤᠷᠢᠭ᠂ ᠵᠧᠤ᠂ ᠠᠶᠢᠮᠠᠭ︶ ᠶᠢ ᠦᠨᠡᠯᠡᠨ | ᠬᠢᠨᠠᠬᠤ ᠨᠡᠷᠡᠶᠢᠳᠬᠦ ᠶᠠᠪᠤᠴᠠ ᠲᠠᠢ ᠶᠠᠮᠠᠷ ᠬᠡᠳᠦᠨ ᠵᠦᠢᠯ ᠪᠠᠶᠢᠬᠤ ᠪᠤᠢ︖ | ︵ᠨᠢᠭᠡ︶ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠮᠡᠳᠡᠭᠦᠯᠬᠦ ᠮᠠᠲ᠋ᠧᠷᠢᠶᠠᠯ ᠢ ᠬᠢᠨᠠᠨ ᠬᠠᠷᠭᠤᠭᠤᠯᠬᠤ ᠬᠡᠷᠡᠭᠲᠡᠶ᠃ ︵ᠬᠤᠶᠠᠷ︶ | ᠬᠦᠴᠦᠨ ᠢᠶᠠᠨ ᠵᠣᠬᠢᠶᠠᠨ ᠪᠠᠶᠢᠭᠤᠯᠤᠨ ᠪᠠᠶᠢᠴᠠᠭᠠᠨ ᠰᠤᠳᠤᠯᠵᠤ ᠪᠠᠶᠢᠴᠠᠭᠠᠬᠤ ᠪᠠ ᠲᠤᠬᠠᠶ ᠶᠢᠨ ᠭᠠᠵᠠᠷ ᠲᠤᠨᠢ ᠰᠢᠯᠭᠠᠨ ᠬᠢᠨᠠᠬᠤ ᠶᠢ ᠥᠷᠨᠢᠭᠦᠯᠦᠨ᠎ᠡ᠃ ︵ | ᠭᠤᠷᠪᠠ︶ ᠬᠠᠨᠤᠮᠵᠢ ᠶᠢᠨ ᠬᠡᠮᠵᠢᠶ᠎ᠡ ᠶᠢ ᠬᠡᠮᠵᠢᠨ ᠲᠣᠭᠲᠠᠭᠠᠬᠤ ᠶᠢ ᠥᠷᠨᠢᠭᠦᠯᠦᠨ᠎ᠡ᠃ ︵ᠳᠥᠷᠪᠡ︶ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ | ᠶᠡᠷᠦᠩᠬᠡᠶᠢᠯᠡᠭᠰᠡᠨ ᠬᠢᠨᠠᠨ ᠲᠣᠭᠲᠠᠭᠠᠯᠲᠠ ᠬᠢᠨ᠎ᠠ᠃ ︵ᠲᠠᠪᠤ︶ ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠤᠯᠲᠠ ᠳᠤ ᠬᠢᠷᠢ ᠲᠡᠩᠴᠡᠭᠰᠡᠨ ᠬᠤᠲᠠ ︵ | ᠲᠣᠭᠤᠷᠢᠭ᠂ ᠵᠧᠤ᠂ ᠠᠶᠢᠮᠠᠭ︶ ᠶᠢ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠶᠢᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠳᠤ | 5 ᠠᠵᠢᠯ ᠤᠨ ᠡᠳᠦᠷ ᠨᠡᠶᠢᠲᠡᠯᠡᠬᠦ ᠶᠢ ᠬᠡᠷᠡᠭᠵᠢᠭᠦᠯᠦᠨ᠎ᠡ᠃ ᠵᠠᠷᠯᠠᠨ ᠨᠡᠶᠢᠲᠡᠯᠡᠬᠦ ᠱᠠᠲᠤᠨ ᠳᠤ ᠴᠢᠬᠤᠯᠠ ᠶᠡᠭᠡ ᠣᠨᠳᠣᠤ ᠰᠠᠨᠠᠯ ᠥᠬᠡᠶ ᠪᠤᠶᠤ ᠴᠢᠬᠤᠯᠠ | ᠶᠡᠭᠡ ᠵᠠᠭᠠᠯᠳᠤᠯᠭ᠎ᠠ ᠥᠬᠡᠶ ᠪᠣᠯ ᠵᠠᠷᠯᠠᠨ ᠨᠡᠶᠢᠲᠡᠯᠡᠬᠦ ᠪᠠᠷ ᠲᠠᠮᠵᠢᠨ᠎ᠠ᠃ | ︵ᠵᠢᠷᠭᠤᠭ᠎ᠠ︶ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠶᠢᠨ ᠠᠵᠢᠯ ᠤᠨ ᠬᠤᠷᠠᠯ ᠢᠶᠠᠷ ᠵᠥᠪᠰᠢᠶᠡᠷᠡᠭᠦᠯᠦᠭᠡᠳ᠂ ᠨᠡᠶᠢᠴᠡᠯ ᠨᠥᠬᠦᠴᠡᠯ | ᠬᠤᠲᠠ ᠶᠢᠨ ᠬᠤᠲᠠ ︵ᠲᠣᠭᠤᠷᠢᠭ᠂ ᠵᠧᠤ᠂ ᠠᠶᠢᠮᠠᠭ︶ ᠶᠢ ᠨᠡᠷᠡᠶᠢᠳᠦᠨ᠎ᠡ᠃ | 8. ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠠᠴᠠ ᠬᠤᠲᠠ ︵ᠲᠣᠭᠤᠷᠢᠭ᠂ ᠵᠧᠤ᠂ ᠠᠶᠢᠮᠠᠭ︶ ᠠᠴᠠ ᠭᠠᠳᠠᠨᠠᠬᠢ ᠪᠤᠰᠤᠳ ᠵᠢᠱᠢᠶ᠎ᠡ | ᠦᠵᠡᠭᠦᠯᠬᠦ ᠲᠣᠭᠤᠷᠢᠭ ᠤᠨ ᠵᠢᠱᠢᠶ᠎ᠡ ᠦᠵᠡᠭᠦᠯᠬᠦ ᠨᠢᠭᠡᠴᠡ ᠶᠢ ᠬᠢᠨᠠᠨ ᠲᠣᠭᠲᠠᠭᠠᠬᠤ ᠪᠠ ᠨᠡᠷᠡᠶᠢᠳᠬᠦ ᠶᠠᠪᠤᠴᠠ ᠳᠤ ᠶᠠᠭᠤ ᠶᠠᠭᠤ ᠪᠠᠶᠢᠬᠤ ᠪᠣᠶ︖ | ︵ᠨᠢᠭᠡ︶ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠮᠡᠳᠡᠭᠦᠯᠬᠦ ᠮᠠᠲ᠋ᠧᠷᠢᠶᠠᠯ ᠢ ᠬᠢᠨᠠᠨ ᠬᠠᠷᠭᠤᠭᠤᠯᠬᠤ ᠬᠡᠷᠡᠭᠲᠡᠶ᠃ ︵ᠬᠤᠶᠠᠷ︶ ᠲᠤᠰᠬᠠᠶ | ᠰᠡᠳᠦᠪᠲᠦ ᠬᠤᠷᠠᠯ ᠬᠤᠷᠠᠯᠳᠤᠭᠤᠯᠵᠤ ᠶᠡᠷᠦᠩᠬᠡᠶᠢᠯᠡᠭᠰᠡᠨ ᠬᠢᠨᠠᠨ ᠲᠣᠭᠲᠠᠭᠠᠯᠲᠠ ᠬᠢᠨ᠎ᠠ᠃ ︵ᠭᠤᠷᠪᠠ︶ ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠤᠯᠲᠠ ᠳᠤ | ᠬᠢᠷᠢ ᠲᠡᠩᠴᠡᠭᠰᠡᠨ ᠭᠠᠵᠠᠷ ᠣᠷᠣᠨ ᠪᠠ ᠨᠢᠭᠡᠴᠡ ᠶᠢ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠶᠢᠨ ᠵᠠᠰᠠᠭ ᠤᠨ ᠣᠷᠳᠣᠨ ᠤ ᠰᠦᠯᠵᠢᠶᠡᠨ | ᠥᠷᠲᠡᠭᠡ ᠳᠤ 5 ᠠᠵᠢᠯ ᠤᠨ ᠡᠳᠦᠷ ᠨᠡᠶᠢᠲᠡᠯᠡᠬᠦ ᠶᠢ ᠬᠡᠷᠡᠭᠵᠢᠭᠦᠯᠦᠨ᠎ᠡ᠃ ᠵᠠᠷᠯᠠᠨ ᠨᠡᠶᠢᠲᠡᠯᠡᠬᠦ ᠱᠠᠲᠤᠨ ᠳᠤ ᠴᠢᠬᠤᠯᠠ ᠶᠡᠭᠡ ᠣᠨᠳᠣᠤ ᠰᠠᠨᠠᠯ ᠥᠬᠡᠶ ᠪᠤᠶᠤ | ᠴᠢᠬᠤᠯᠠ ᠶᠡᠭᠡ ᠵᠠᠭᠠᠯᠳᠤᠯᠭ᠎ᠠ ᠭᠠᠷᠭᠠᠭᠰᠠᠨ ᠥᠬᠡᠶ ᠪᠣᠯ ᠵᠠᠷᠯᠠᠨ ᠨᠡᠶᠢᠲᠡᠯᠡᠬᠦ ᠪᠠᠷ ᠳᠠᠮᠵᠢᠬᠤ ᠬᠡᠷᠡᠭᠲᠡᠶ᠃ ︵ᠳᠥᠷᠪᠡ︶ ᠤᠯᠤᠰ ᠤᠨ ᠦᠨᠳᠦᠰᠦᠲᠡᠨ ᠤ | ᠬᠡᠷᠡᠭ ᠡᠷᠭᠢᠯᠡᠬᠦ ᠬᠤᠷᠢᠶ᠎ᠠ ᠶᠢᠨ ᠠᠵᠢᠯ ᠤᠨ ᠬᠤᠷᠠᠯ ᠢᠶᠠᠷ ᠵᠥᠪᠰᠢᠶᠡᠷᠡᠭᠦᠯᠦᠭᠡᠳ᠂ ᠨᠡᠶᠢᠴᠡᠯ ᠨᠥᠬᠦᠴᠡᠯ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠵᠢᠱᠢᠶ᠎ᠡ | ᠦᠵᠡᠭᠦᠯᠬᠦ ᠨᠢᠭᠡᠴᠡ ᠶᠢ ᠨᠡᠷᠡᠶᠢᠳᠦᠨ᠎ᠡ᠃ | 9᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠳᠤ ᠪᠠᠷᠢᠮᠲᠠᠯᠠᠬᠤ ᠬᠡᠷᠡᠭᠲᠡᠶ ᠵᠠᠷᠴᠢᠮ ᠨᠢ ᠶᠠᠭᠤ ᠪᠣᠢ | ︖ | ᠬᠥᠮᠦᠨ ᠳᠤᠨᠢ ᠲᠣᠬᠢᠷᠠᠭᠤᠯᠤᠨ ᠵᠢᠭᠠᠵᠤ᠂ ᠵᠥᠪ ᠲᠠᠯ᠎ᠠ ᠶᠢᠨ ᠬᠥᠮᠦᠵᠢᠯ ᠬᠢᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠴᠠᠭ ᠦᠶ᠎ᠡ ᠲᠠᠢ | ᠵᠡᠷᠭᠡ ᠪᠠᠷ ᠤᠷᠤᠭᠰᠢᠯᠠᠬᠤ ᠬᠡᠷᠡᠭᠲᠡᠶ᠃ | 10. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ᠂ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠶᠠᠮᠠᠷ | ᠦᠢᠯᠡᠳᠦᠯ ᠢ ᠪᠠᠳᠠᠷᠠᠭᠤᠯᠪᠠᠯ ᠵᠣᠬᠢᠬᠤ ᠪᠤᠢ︖ | ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠦᠢᠯᠡᠰ ᠤᠨ ᠳᠤᠮᠳᠠ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ | ᠢᠷᠠᠯᠲᠠ᠄ ᠮᠣᠨᠠ ᠠᠭᠤᠯᠠ ᠪᠠᠯᠭᠠᠰᠣᠨ ᠤ ᠨᠠᠮ ᠤᠨ ᠪᠠᠶᠢᠭᠤᠯᠤᠯᠲᠠ | | |