ᠰᠢᠶᠠᠨ ᠹᠧᠩ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠣᠯᠠᠨ ᠵᠦᠢᠯ ᠤᠨ  ᠬᠡᠯᠪᠡᠷᠢ ᠪᠠᠷ ᠴᠢᠩᠭᠠᠳᠬᠠᠨ ᠰᠣᠷᠣᠯᠴᠠᠪᠠ 
ᠨᠡᠶᠢᠲᠡᠯᠡᠭᠰᠡᠨ ᠴᠠᠭ᠄
2024/7/2
    ᠡᠨᠡ ᠵᠢᠯ ᠠᠴᠠ ᠨᠠᠰᠢ᠂  ᠣᠷᠠᠳ ᠤᠨ ᠡᠮᠦᠨᠡᠲᠤ ᠬᠤᠰᠢᠭᠤᠨ ᠤ ᠰᠢᠶᠠᠨ ᠹᠧᠩ ᠪᠠᠯᠭᠠᠰᠤ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠᠷ ᠡᠭᠦᠷᠭᠡ ᠪᠣᠯᠭᠠᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠪᠠᠷ ᠵᠢᠯᠣᠭᠤᠳᠣᠯᠭ᠎ᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠡᠯ᠎ᠡ  ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠪᠦᠯᠢ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠴᠠᠭ ᠦᠶ᠎ᠡ ᠶᠢᠨ ᠬᠥᠭ ᠠᠶᠠᠰ ᠢ ᠬᠠᠩᠭᠢᠨᠠᠭᠤᠯᠪᠠ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠡᠳᠦᠪᠲᠦ ᠬᠥᠮᠦᠵᠢᠯ ᠢ  ᠪᠠᠲᠣᠳᠬᠠᠬᠤ ᠶᠢ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠶᠢᠨ ︽ᠶᠡᠷᠦᠩᠬᠡᠢ ᠬᠥᠲᠥᠯᠪᠦᠷᠢ︾ ᠪᠣᠯᠭᠠᠬᠤ ᠶᠢ  ᠪᠠᠷᠢᠮᠲᠠᠯᠠᠪᠠ᠃ ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠶᠢ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠪᠠ᠃ ᠬᠤᠶᠠᠷ ᠲᠤ ᠂ ᠦᠨᠳᠦᠰᠦᠲᠡᠨ ᠤ ᠪᠦᠯᠬᠦᠮᠳᠡᠯ ᠤᠨ ᠤᠨᠤᠯ ᠢ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠵᠡᠷᠭᠡ ᠠᠵᠢᠯᠯᠠᠭ᠎ᠠ ᠳᠤ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠲᠠᠰᠤᠷᠠᠯᠲᠠ ᠦᠭᠡᠢ ᠠᠬᠢᠭᠤᠯᠪᠠ᠃ ᠭᠤᠷᠪᠠ ᠳᠤ᠂ ᠤᠬᠠᠭᠤᠯᠭ᠎ᠠ ᠶᠢᠨ ᠬᠡᠰᠡᠭ ᠢ ᠪᠠᠶᠠᠯᠢᠭᠵᠢᠭᠤᠯᠬᠤ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷ ᠤᠨ ᠪᠤᠯᠤᠩ ᠭᠠᠷᠭᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠦᠵᠡᠭᠦᠯᠭᠡ ᠶᠢᠨ ᠲᠢᠩᠬᠢᠮ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠢᠶᠠᠨ ᠹᠧᠩ ᠪᠠᠯᠭᠠᠰᠤᠨ ᠤ ᠨᠠᠮ ᠤᠨ ᠭᠡᠰᠢᠭᠦᠨ ᠣᠯᠠᠨ ᠲᠦᠮᠡᠨ ᠢ ᠵᠣᠬᠢᠶᠠᠨ ᠪᠠᠶᠢᠭᠤᠯᠤᠨ ᠲᠣᠭᠤᠷᠢᠨ ᠦᠵᠡᠭᠦᠯᠵᠦ ᠰᠤᠷᠤᠯᠴᠠᠭᠤᠯᠤᠨ᠂ ᠨᠠᠮ ᠪᠠ ᠣᠯᠠᠨ ᠲᠦᠮᠡᠨ ᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠳᠠᠪᠰᠢᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠨᠣᠯ ᠢ ᠲᠠᠷᠢᠬᠢ ᠲᠣᠯᠣᠭᠠᠶ ᠳᠤ ᠪᠠᠨ ᠬᠠᠳᠠᠩᠰᠢᠭᠤᠯᠪᠠ᠃     ᠲᠣᠰ ᠪᠠᠯᠭᠠᠰᠣ ᠣᠯᠠᠨ ᠠᠷᠭ᠎ᠠ ᠵᠠᠮ ᠢᠶᠠᠷ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠤᠨ ᠤᠬᠠᠭᠤᠯᠭ᠎ᠠ ᠶᠢᠨ ︽ᠶᠡᠷᠦᠩᠬᠡᠶ ᠭᠠᠷᠳᠠᠴᠠ︾ ᠪᠣᠯᠭᠠᠬᠤ ᠶᠢ ᠪᠠᠷᠢᠮᠲᠠᠯᠠᠪᠠ᠃ ᠨᠢᠭᠡ ᠳᠤ᠂ ᠸᠢᠴᠠᠲ ᠤᠨ ᠪᠣᠯᠣᠩ᠂ ᠸᠢᠳᠢᠣ᠋ ᠳ᠋ᠣᠭᠠᠷ ᠵᠡᠷᠭᠡ ᠰᠢᠨ᠎ᠡ ᠵᠠᠭᠤᠴᠢᠯᠠᠭᠤᠷ ᠢ  ᠠᠰᠢᠭᠯᠠᠨ ᠨᠠᠮ ᠤᠨ ᠦᠨᠳᠦᠰᠦᠲᠡᠨ ᠤ ᠪᠦᠯᠬᠦᠮᠳᠡᠯ ᠤᠨ ᠤᠨᠤᠯ᠂ ᠲᠦᠷᠦ ᠶᠢᠨ ᠪᠤᠳᠤᠯᠭ᠎ᠠ ᠶᠢ ᠬᠦᠷᠭᠡᠵᠦ᠂ ᠡᠯ᠎ᠡ ᠲᠣᠰᠬᠤᠨ ᠤ ᠤᠯᠠᠨ ᠲᠦᠮᠡᠨ ᠤ ᠤᠨᠤᠯ ᠤᠨ ᠰᠠᠭᠤᠷᠢ ᠶᠢ ᠯᠠᠪᠳᠠᠭᠤᠨ ᠪᠠᠲᠤᠲᠠᠢ ᠪᠣᠯᠭᠠᠪᠠ᠃ ᠬᠤᠶᠠᠷ ᠲᠤ᠂  ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ  ᠶᠢᠨ ᠬᠠᠭᠤᠳᠠᠰᠤ ᠲᠠᠷᠬᠠᠭᠠᠬᠤ ᠵᠡᠷᠭᠡ ᠪᠠᠷ ᠳᠠᠮᠵᠢᠭᠤᠯᠤᠨ ᠨᠠᠮ ᠤᠨ ᠦᠨᠳᠦᠰᠦᠲᠡᠨ ᠤ ᠪᠦᠯᠬᠦᠮᠳᠡᠯ ᠤᠨ ᠣᠨᠣᠯ ᠤᠨ ᠮᠡᠳᠡᠯᠭᠡ ᠶᠢ ᠤᠬᠠᠭᠤᠯᠵᠤ᠂ ᠦᠨᠳᠦᠰᠦᠲᠡᠨ ᠤ ᠪᠦᠯᠬᠦᠮᠳᠡᠯ᠂ ᠠᠵᠢᠯ ᠣᠯᠭᠤᠯᠲᠠ ᠂ ᠨᠡᠶᠢᠭᠡᠮ ᠤᠨ ᠪᠠᠲᠤᠯᠠᠭ᠎ᠠ ᠵᠡᠷᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ︽ᠨᠢᠭᠡ ᠦᠶ᠎ᠡ ᠨᠢᠭᠡ ᠭᠠᠵᠠᠷ︾ ᠪᠠᠶᠢᠭᠰᠠᠨ ᠠᠴᠠ ︽  ᠬᠡᠵᠢᠶ᠎ᠡ ᠬᠠᠮᠢᠭ᠎ᠠ ᠴᠣ᠋ ᠬᠡᠰᠡᠨ︾ ᠪᠣᠯᠭᠠᠨ ᠥᠷᠭᠡᠳᠬᠡᠵᠦ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯ ᠤᠨ ᠰᠢᠨ᠎ᠡ ᠪᠠᠶᠢᠷᠢᠰᠢᠯ ᠢ ᠪᠣᠶ ᠪᠣᠯᠭᠠᠪᠠ᠃    ᠰᠠᠶᠢᠨ ᠳᠤᠷ᠎ᠠ ᠶᠢᠨ ᠦᠢᠯᠡᠴᠢᠯᠡᠭᠡᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ︽ᠶᠡᠷᠦᠩᠬᠡᠶ ᠬᠥᠳᠡᠯᠭᠡᠭᠦᠷ︾ ᠪᠣᠯᠭᠠᠬᠤ ᠶᠢ ᠪᠠᠷᠢᠮᠲᠠᠯᠠᠪᠠ᠃ ᠡᠨᠡ ᠵᠢᠯ ᠠᠴᠠ ᠨᠠᠰᠢ᠂ ᠰᠢᠶᠠᠨ ᠹᠧᠩ ᠪᠠᠯᠭᠠᠰᠤ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠠᠩᠭᠢ︾ ᠶᠢ ᠵᠣᠬᠢᠶᠠᠨ ᠪᠠᠶᠢᠭᠤᠯᠤᠨ ᠡᠯ᠎ᠡ ᠲᠣᠰᠬᠤᠨ ᠳᠤ ᠭᠦᠨᠵᠡᠭᠡᠶᠢᠷᠡᠨ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠵᠦ᠂ ᠡᠯ᠎ᠡ ᠲᠣᠰᠬᠤᠨ ᠤ ᠣᠯᠠᠨ ᠲᠦᠮᠡᠨ ᠢ ᠳᠠᠭᠠᠭᠤᠯᠤᠨ ᠨᠠᠮ ᠤᠨ ᠦᠨᠳᠦᠰᠦᠲᠡᠨ ᠤ ᠣᠨᠣᠯ ᠵᠢᠴᠢ ᠲᠥᠷᠥ ᠶᠢᠨ ᠪᠣᠳᠣᠯᠭ᠎ᠠ ᠶᠢ ᠰᠣᠷᠣᠯᠴᠠᠭᠤᠯᠣᠨ ᠣᠶᠢᠯᠠᠭᠠᠭᠤᠯᠪᠠ᠃ ᠣᠳᠣᠬᠠᠨ ᠪᠣᠯᠲᠠᠯ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ 12 ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠨᠡᠶᠢᠲᠡ 500 ᠭᠠᠷᠤᠶ ᠬᠥᠮᠦᠨ ᠳᠤ ᠠᠰᠢᠭ ᠬᠦᠷᠲᠡᠭᠡᠪᠡ᠃ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠪᠣᠳᠠᠲᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨᠬᠦ ᠲᠦᠯᠬᠢᠨ  ᠠᠬᠢᠭᠤᠯᠪᠠ᠃    ᠳᠠᠷᠠᠭᠠᠴᠢ ᠶᠢᠨ ᠠᠯᠬᠤᠮ ᠳᠤ᠂ ᠰᠢᠶᠠᠨ ᠹᠧᠩ ᠪᠠᠯᠭᠠᠰᠤ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠪᠠᠯᠭᠠᠰᠤ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ᠂ ᠨᠡᠩ ᠤᠯᠠᠨ ᠪᠠᠶᠠᠯᠢᠭ ᠰᠠᠶᠢᠬᠠᠨ᠂ ᠥᠪᠡᠷᠮᠢᠴᠡ ᠣᠨᠴᠠᠯᠢᠭ ᠲᠠᠢ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠣᠳᠬᠠᠬᠤ  ᠰᠠᠶᠢᠨ ᠰᠠᠶᠢᠬᠠᠨ ᠬᠠᠭᠤᠳᠠᠰᠤ ᠶᠢ ᠰᠡᠳᠬᠢᠯ ᠨᠢᠭᠡᠳᠦᠨ ᠵᠢᠷᠤᠭᠯᠠᠵᠤ᠂ ᠰᠢᠶᠠᠨ ᠹᠧᠩ ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ  ᠪᠢᠴᠢᠭᠯᠡᠬᠦ ᠪᠠᠷ ᠪᠠᠶᠢᠨ᠎ᠠ᠃                                                         
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ