ᠤᠷᠠᠳ ᠤᠨ ᠡᠮᠦᠨᠡᠲᠦ ᠬᠤᠰᠢᠭᠤ ︽ᠲᠠᠪᠤ ᠶᠢ ᠵᠠᠰᠠᠬᠤ︾ ᠶᠢ ᠵᠡᠷᠭᠡᠪᠡᠷ ᠴᠢᠬᠤᠯᠠᠴᠢᠯᠠᠵᠤ ︽ᠪᠣᠭᠤᠮᠲᠠ ᠶᠢᠨ ᠭᠠᠳᠠᠨᠠᠬᠢ ᠭᠡᠷᠡᠯᠲᠦ ᠰᠤᠪᠤᠳ︾   ᠶᠢ ᠰᠢᠨ᠎ᠡ ᠳᠦᠷᠢ ᠲᠥᠷᠬᠦ ᠲᠠᠢ ᠪᠣᠯᠭᠠᠨ᠎ᠠ
ᠨᠡᠶᠢᠲᠡᠯᠡᠭᠰᠡᠨ ᠴᠠᠭ᠄
2024/7/2
     ᠤᠷᠠᠳ ᠤᠨ ᠡᠮᠦᠨᠡᠲᠦ ᠬᠤᠰᠢᠭᠤ ︽ᠲᠠᠪᠤ ᠶᠢ ᠵᠠᠰᠠᠬᠤ︾ ᠶᠢ ᠵᠡᠷᠭᠡᠪᠡᠷ ᠴᠢᠬᠤᠯᠠᠴᠢᠯᠠᠵᠤ ︽ᠪᠣᠭᠤᠮᠲᠠ ᠶᠢᠨ ᠭᠠᠳᠠᠨᠠᠬᠢ ᠭᠡᠷᠡᠯᠲᠦ ᠰᠤᠪᠤᠳ︾ ᠶᠢ ᠰᠢᠨ᠎ᠡ ᠳᠦᠷᠢ ᠲᠥᠷᠬᠦ ᠲᠠᠢ ᠪᠣᠯᠭᠠᠨ᠎ᠠ᠃      ᠨᠢᠭᠡ ᠳᠤ᠂ ᠠᠭᠤᠷᠬᠠᠢ ᠶᠢᠨ ᠵᠠᠰᠠᠯᠲᠠ ᠶᠢ ᠴᠢᠩᠭᠠᠳᠬᠠᠨ᠎ᠠ᠃ ᠮᠤᠨᠠ ᠠᠭᠤᠯᠠ ᠶᠢᠨ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ᠂ ︽ᠭᠤᠷᠪᠠᠨ ᠠᠭᠤᠯᠠ︾ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠵᠡᠷᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 2023 ᠣᠨ ᠳᠤ ᠪᠠᠶᠠᠨᠴᠠᠭᠠᠨ ᠠᠭᠤᠯᠠ ᠶᠢᠨ ᠴᠠᠰᠤᠲᠠᠢ ᠠᠭᠤᠯᠠ ᠶᠢᠨ ᠲᠡᠦᠬᠡ ᠶᠢᠨ ᠦᠯᠡᠳᠡᠭᠳᠡᠯ ᠠᠭᠤᠷᠬᠠᠶ ᠶᠢ ᠰᠡᠷᠭᠦᠭᠡᠨ ᠵᠠᠰᠠᠬᠤ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠤᠨ ᠢᠨᠵᠧᠨᠧᠷᠢᠩ ᠢ ᠬᠡᠷᠡᠭᠵᠢᠭᠦᠯᠵᠦ᠂ 1700 ᠲᠦᠮᠡᠨ ᠲᠦᠬᠦᠷᠢᠭ ᠤᠨ ᠪᠠᠯᠠ ᠣᠷᠣᠭᠤᠯᠣᠨ 1.54 ᠲᠡᠭᠰᠢ ᠳᠥᠷᠪᠡᠯᠵᠢᠨ ᠺᠢᠯᠣᠮᠧᠲᠷ ᠢ ᠵᠠᠰᠠᠪᠠ︔ 2024 ᠣᠨ ᠳᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠡᠮᠡᠴᠡᠨ ᠣᠯᠵᠤ᠂ 5685 ᠲᠦᠮᠡᠨ ᠲᠥᠭᠦᠷᠢᠭ ᠤᠨ ᠪᠠᠯᠠ ᠣᠷᠣᠭᠤᠯᠵᠤ᠂ 9.8 ᠲᠡᠭᠰᠢ ᠳᠥᠷᠪᠡᠯᠵᠢᠨ ᠺᠢᠯᠣᠮᠧᠲᠷ ᠢ ᠵᠠᠰᠠᠬᠤ ᠪᠠᠷ ᠲᠥᠯᠥᠪᠯᠡᠵᠦ ᠪᠣᠶ᠃      ᠬᠤᠶᠠᠷ ᠲᠤ᠂ ᠪᠣᠵᠠᠷᠳᠣᠯ ᠤᠨ ᠣᠷᠤᠨ ᠢ ᠡᠬᠢ ᠡᠭᠦᠰᠦᠯ ᠠᠴᠠ ᠨᠢ ᠵᠠᠰᠠᠨ᠎ᠠ᠃ ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠨᠢᠭᠡᠳᠦᠭᠡᠷ ᠬᠤᠭᠤᠴᠠᠭᠠᠨ ᠤ ᠪᠠᠷᠢᠮᠵᠢᠶ᠎ᠠ ᠶᠢ ᠳᠡᠭᠡᠭᠰᠢᠯᠡᠭᠦᠯᠬᠦ ᠢᠨᠵᠧᠨᠧᠷᠢᠩ᠂ ᠬᠤᠶᠠᠳᠤᠭᠠᠷ ᠬᠤᠭᠤᠴᠠᠭᠠᠨ ᠤ ᠳᠤᠮᠳᠠ ᠤᠰᠤ ᠶᠢ ᠪᠤᠴᠠᠭᠠᠨ ᠬᠡᠷᠡᠭᠯᠡᠬᠦ ᠢᠨᠵᠧᠨᠧᠷᠢᠩ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠠᠴᠠ ᠤᠷᠠᠳ ᠴᠠᠬᠢᠯᠭᠠᠨ ᠭᠠᠷᠭᠠᠬᠤ ᠦᠢᠯᠡᠳᠪᠦᠷᠢ ᠬᠦᠷᠬᠦ 12.5 ᠺᠢᠯᠣᠮᠧᠲᠷ ᠤᠨ ᠤᠰᠤ ᠬᠠᠩᠭᠠᠬᠤ ᠬᠤᠭᠤᠯᠠᠢ ᠲᠣᠣᠷ ᠤᠨ ᠢᠨᠵᠧᠨᠧᠷᠢᠩ ᠢ ᠪᠡᠶᠡᠯᠡᠭᠦᠯᠵᠦ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ ᠪᠣᠬᠢᠷ ᠤᠰᠤ ᠲᠠᠢ ᠨᠤᠭᠤ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠤᠵᠡᠷ ᠣᠰᠦ ᠶᠢ ᠳᠠᠯᠠᠢ ᠳᠤ ᠣᠷᠣᠭᠤᠯᠬᠤ ᠦᠭᠡᠢ ᠪᠠᠶᠢᠬᠤ ᠶᠢ ᠪᠠᠶᠠᠯᠠᠬᠦᠯᠥᠨ᠎ᠠ᠃     ᠭᠤᠷᠪᠠ ᠳᠤ᠂ ᠣᠯᠠᠨ ᠡᠬᠢᠲᠦ ᠪᠣᠬᠢᠷᠳᠤᠯ ᠢ ᠭᠦᠨᠵᠡᠭᠡᠢ ᠵᠠᠰᠠᠨ᠎ᠠ᠃ ︽ᠳᠥᠷᠪᠡ ᠶᠢ ᠬᠢᠵᠠᠭᠠᠷᠯᠠᠵᠤ ᠬᠤᠶᠠᠷ ᠢ ᠵᠢᠷᠤᠮᠵᠢᠭᠤᠯᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠥᠨᠳᠥᠷ ᠪᠦᠲᠦᠮᠵᠢᠲᠡᠶ ᠨᠡᠶᠢᠯᠡᠮᠡᠯ ᠪᠣᠷᠲᠣᠭᠤᠷ ᠵᠡᠷᠭᠡ ᠰᠢᠨ᠎ᠡ ᠬᠡᠯᠪᠡᠷᠢ ᠶᠢᠨ ᠪᠣᠷᠲᠣᠭᠤᠷ  ᠬᠡᠷᠡᠭᠯᠡᠭᠰᠡᠨ ᠲᠠᠯᠠᠪᠠᠶ 71.8 ᠲᠦᠮᠡᠨ ᠮᠥ᠂ ᠣᠷᠭᠠᠨᠢᠭ ᠪᠣᠷᠲᠣᠭᠤᠷ ᠬᠡᠷᠡᠭᠯᠡᠭᠰᠡᠨ ᠲᠠᠯᠠᠪᠠᠶ 79 ᠲᠦᠮᠡᠨ ᠮᠥ ᠂ ᠪᠣᠬᠢᠷᠲᠤᠯ ᠥᠬᠡᠶ ᠰᠡᠷᠭᠡᠶᠢᠯᠡᠨ ᠡᠵᠡᠮᠳᠡᠭᠰᠡᠨ ᠲᠠᠯᠠᠪᠠᠶ 137 ᠲᠦᠮᠡᠨ ᠮᠥ ᠂ ᠨᠢᠭᠡᠳᠦᠯᠲᠡᠶ ᠰᠡᠷᠭᠡᠶᠢᠯᠡᠵᠦ ᠨᠢᠭᠡᠳᠦᠯᠲᠡᠶ ᠵᠠᠰᠠᠭᠰᠠᠨ ᠲᠠᠯᠠᠪᠠᠶ 119 ᠲᠦᠮᠡᠨ ᠮᠥ᠂ ᠤᠰᠤ ᠪᠣᠷᠲᠣᠭᠤᠷ ᠢ ᠨᠢᠭᠡ ᠴᠣᠭᠴᠠᠵᠢᠭᠤᠯᠤᠨ ᠬᠡᠷᠡᠭᠯᠡᠭᠰᠡᠨ ᠲᠠᠯᠠᠪᠠᠶ 134.3 ᠲᠦᠮᠡᠨ ᠮᠥ ᠳᠤ ᠬᠦᠷᠴᠦ᠂ ᠮᠥ ᠪᠦᠷᠢ ᠳᠤ 60 ᠲᠡᠭᠰᠢ ᠳᠥᠷᠪᠡᠯᠵᠢᠨ ᠮᠧᠲᠷ ᠤᠨ ᠤᠰᠤ ᠠᠷᠪᠢᠯᠠᠨ᠂ ᠤᠯᠤᠰ ᠤᠨ ᠰᠢᠨ᠎ᠡ ᠪᠠᠷᠢᠮᠵᠢᠶᠠᠲᠤ ᠰᠦᠯᠢᠶᠣᠣ ᠪᠦᠷᠬᠦᠪᠴᠢ ᠶᠢ 39 ᠲᠦᠮᠡᠨ ᠮᠥ  ᠳᠡᠯᠭᠡᠷᠡᠭᠦᠯᠵᠦ᠂ ᠰᠦᠯᠢᠶᠣᠣ ᠪᠦᠷᠬᠦᠪᠴᠢ ᠶᠢ ᠪᠠᠭᠤᠷᠠᠭᠤᠯᠤᠨ ᠬᠡᠷᠡᠭᠯᠡᠭᠰᠡᠨ ᠲᠠᠯᠠᠪᠠᠶ 7 ᠲᠦᠮᠡᠨ ᠮᠥ ᠳᠤ ᠬᠦᠷᠭᠡᠨ᠎ᠡ᠃      ᠳᠥᠷᠪᠡ ᠳᠤ᠂ ᠳᠣᠲᠣᠭᠠᠳᠤ ᠡᠬᠢ ᠰᠤᠷᠪᠤᠯᠵᠢ ᠠᠴᠠ ᠨᠢ ᠵᠠᠰᠠᠨ᠎ᠠ᠃ 4500 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠬᠠᠮᠤᠭ ᠤᠨ ᠶᠡᠭᠡ ᠳᠡᠯᠳᠡᠣ ᠲᠠᠷᠢᠬᠤ  ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠵᠢᠯ ᠳᠤ 1000 ᠲᠣᠨ ᠬᠤᠯᠤᠰᠤ ᠶᠢ ᠰᠢᠢᠳᠪᠦᠷᠢᠯᠡᠨ᠎ᠡ︔ 876 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠡᠪᠡᠰᠦ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠪᠠᠶᠢᠭᠤᠯᠤᠨ᠂ ᠤᠯᠠᠭᠠᠨᠰᠤᠬᠠᠢ ᠶᠢᠨ ᠤᠰᠤᠨ ᠡᠪᠡᠰᠦ ᠶᠢ ᠴᠡᠪᠡᠷᠯᠡᠨ ᠲᠦᠭᠦᠬᠡᠶ ᠮᠠᠲ᠋ᠧᠷᠢᠶᠠᠯ ᠪᠣᠯᠭᠠᠵᠤ᠂ ᠵᠢᠯ ᠳᠤ 53 ᠲᠦᠮᠡᠨ ᠲᠣᠨ ᠤᠰᠤᠨ ᠡᠪᠡᠰᠦ ᠶᠢ ᠴᠡᠪᠡᠷᠯᠡᠨ ᠱᠦᠭᠦᠨ᠎ᠡ︔ 2.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠳᠤ 20 ᠲᠦᠮᠡᠨ ᠪᠣᠰᠤᠭ᠎ᠠ ᠳᠥᠷᠪᠡᠯᠵᠢᠨ  ᠮᠧᠲᠷ ᠤᠨ ︽ᠯᠦ ᠬᠤᠸᠠ︾ ᠲᠡᠮᠳᠡᠭᠲᠦ ᠠᠯᠳᠧᠭᠢᠳ᠋ ᠤᠨ ᠭᠤᠣᠯ ᠦᠭᠡᠢ ᠬᠠᠪᠲᠠᠰᠤ ᠦᠢᠯᠡᠳᠪᠦᠷᠢᠯᠡᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠵᠢᠯ ᠳᠤ ᠨᠠᠭᠤᠷ ᠤᠨ ᠣᠷᠣᠨ ᠤ ᠬᠤᠯᠤᠰᠤ ᠶᠢ 8 ᠲᠦᠮᠡᠨ ᠲᠣᠨ ᠣᠷᠴᠢᠮ ᠰᠢᠢᠳᠪᠦᠷᠢᠯᠡᠨ᠎ᠡ᠃      ᠲᠠᠪᠤ ᠳᠤ᠂ ᠠᠮᠢ ᠠᠬᠤᠶ ᠶᠢ ᠵᠠᠰᠠᠵᠤ ᠣᠷᠴᠢᠨ ᠲᠣᠭᠤᠷᠢᠨ ᠢ ᠭᠤᠶᠤᠯᠠᠨ᠎ᠠ᠃ ᠬᠠᠲᠤᠨ ᠭᠤᠤᠯ ᠤᠨ ︽  ᠶᠡᠭᠡ ᠲᠣᠬᠤᠶ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠠᠬᠢᠭᠤᠯᠵᠤ᠂ 2024 ᠣᠨ ᠳᠤ 500 ᠮᠥ ᠲᠣᠷᠤᠭ ᠮᠣᠳᠣ  ᠲᠠᠷᠢᠵᠤ᠂ 2750 ᠮᠥ ᠡᠯᠡᠰᠦ ᠶᠢ ᠪᠢᠲᠡᠭᠦᠮᠵᠢᠯᠡᠨ ᠣᠶᠢᠵᠢᠭᠤᠯᠵᠤ᠂ 37000 ᠮᠥ ᠳᠤᠮᠳᠠ ᠨᠢᠯᠬ᠎ᠠ ᠣᠶ ᠶᠢ ᠪᠣᠶᠢᠵᠢᠭᠤᠯᠣᠨ᠂  5980 ᠮᠥ  ᠲᠣᠬᠤᠢ ᠤᠨ ᠣᠷᠤᠨ ᠤ ᠬᠡᠰᠡᠭ ᠪᠤᠰᠠᠭ ᠡᠯᠡᠰᠦᠨ ᠳᠣᠪᠤ ᠶᠢ ᠵᠠᠰᠠᠵᠤ᠂ 262.2 ᠲᠦᠮᠡᠨ ᠮᠥ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠂ 196 ᠲᠦᠮᠡᠨ ᠮᠥ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠢ ᠨᠠᠶᠢᠳᠠᠪᠤᠷᠢᠵᠢᠭᠤᠯᠵᠤ᠂ 20 ᠲᠡᠭᠰᠢ ᠳᠥᠷᠪᠡᠯᠵᠢᠨ ᠺᠢᠯᠣᠮᠧᠲᠷ ᠤᠨ ᠬᠥᠷᠥᠰᠥ ᠰᠢᠷᠣᠶ ᠶᠢᠨ ᠢᠳᠡᠭᠳᠡᠯ ᠢ  ᠵᠠᠰᠠᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ