ᠪᠠᠶᠠᠨᠨᠠᠭᠤᠷ ᠬᠤᠲᠠ ᠪᠦᠬᠦ ᠤᠷᠤᠨ ᠤ ᠲᠦᠷᠦᠬᠦᠦ ᠪᠦᠯᠦᠭ ᠤᠨ ᠲᠤᠮᠳᠠᠳᠤ ᠤᠯᠤᠰ ᠤᠨ ᠵᠤᠬᠢᠶᠠᠯᠴᠢᠳ ᠤᠨ ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ ᠪᠤᠯᠵᠠᠢ
ᠨᠡᠶᠢᠲᠡᠯᠡᠭᠰᠡᠨ ᠴᠠᠭ᠄
2024/7/23
   7 ᠰᠠᠷ᠎ᠠ ᠶᠢᠨ 15 ᠠᠴᠠ 16 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠵᠣᠬᠢᠶᠠᠯᠴᠢᠳ ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠭᠦᠨᠵᠡᠭᠡᠶᠢᠷᠡᠬᠦ︾ ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ ᠤᠨ ᠫᠠᠶᠢᠰᠠ ᠣᠯᠭᠤᠬᠤ ᠶᠣᠰᠣᠯᠠᠯ ᠵᠢᠴᠢ ︽ᠤᠳᠭ᠎ᠠ ᠵᠤᠬᠢᠶᠠᠯ ᠢᠶᠠᠷ ᠤᠮᠠᠷᠠᠲᠤ ᠬᠢᠯᠢ ᠶᠢ ᠰᠢᠮᠡᠵᠢᠭᠦᠯᠬᠦ ᠲᠡᠭᠷᠢ ᠶᠢᠨ ᠬᠡᠰᠢᠭᠲᠦ ᠪᠣᠷᠣᠲᠣᠬᠤᠶ — ᠳᠤᠮᠳᠠᠳᠤ ᠤᠯᠤᠰ ᠤᠨ ᠵᠣᠬᠢᠶᠠᠯᠴᠢᠳ ᠪᠠᠶᠠᠨᠨᠠᠭᠤᠷ ᠬᠤᠲᠠ ᠳᠤ ᠣᠷᠣᠬᠤ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠠᠪᠤᠭᠳᠠᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 30 ᠭᠠᠷᠤᠢ ᠵᠣᠬᠢᠶᠠᠯᠴᠢ ᠶᠢᠨ ᠲᠥᠯᠥᠭᠡᠯᠡᠭᠴᠢ ᠣᠷᠣᠯᠴᠠᠪᠠ᠃   ᠠᠵᠢᠯᠯᠠᠭ᠎ᠠ ᠶᠢᠨ ᠲᠤᠮᠳᠠ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠣᠯᠤᠨ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ︽ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ︾ ᠤᠨ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠵᠥᠪᠯᠡᠯᠴᠡᠬᠡᠷ ᠲᠣᠭᠲᠠᠵᠤ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠪᠣᠯᠤᠨ ᠥᠪᠥᠷ ᠮᠣᠩᠭᠤᠯ ᠤᠨ ᠵᠣᠬᠢᠶᠠᠯᠴᠢᠳ ᠤᠨ ᠨᠡᠶᠢᠭᠡᠮᠯᠢᠭ ᠲᠤᠰ ᠲᠤᠰ ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠢ ᠰᠢᠭᠤᠢ ᠶᠢᠨ ᠲᠠᠯᠠᠪᠠᠢ ᠳᠤ ︽ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ︾  ᠤᠨ ᠫᠠᠶᠢᠰᠠ ᠣᠯᠭᠤᠭᠰᠠᠨ ᠪᠠᠶᠢᠨ᠎ᠠ᠃   ᠣᠶᠢᠯᠠᠭᠠᠭᠰᠠᠨ ᠢᠶᠠᠷ᠂ 2022 ᠣᠨ ᠤ 6 ᠰᠠᠷ᠎ᠠ ᠡᠴᠡ‌ᠣᠳᠣ ᠪᠣᠯᠲᠠᠯ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠷᠢᠳ ᠬᠤᠵᠢᠳ 15 ᠮᠣᠵᠢ ︵ᠣᠷᠣᠨ᠂ ᠬᠤᠲᠠ︶  ᠳᠤ 23 ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ ᠭᠠᠷᠭᠠᠵᠤ᠂ ᠨᠡᠶᠢᠭᠡᠮ ᠤᠨ ᠡᠯ᠎ᠡ ᠡᠲᠡᠭᠡᠳ ᠤᠨ ᠠᠩᠬᠠᠷᠤᠯ ᠢ ᠲᠠᠲᠠᠵᠤ᠂ ᠥᠷᠭᠡᠨ ᠳᠡᠯᠭᠡᠷᠡᠩᠭᠦᠢ ᠰᠠᠶᠢᠨ ᠨᠥᠯᠥᠭᠡ ᠲᠤᠰᠬᠠᠯ ᠭᠠᠷᠭᠠᠨ᠂ ᠤᠯᠠᠨ ᠤ ᠰᠠᠶᠢᠰᠢᠶᠠᠯ ᠢ ᠤᠯᠤᠭᠰᠠᠨ ᠰᠣᠶᠣᠯ ᠤᠨ ᠨᠡᠷᠡᠲᠦ ᠲᠡᠮᠳᠡᠭ ᠪᠣᠯᠤᠭᠰᠠᠨ ᠪᠠᠶᠢᠨ᠎ᠠ᠃ ᠤᠶᠢᠷ᠎ᠠ ᠶᠢᠨ ᠵᠢᠯ ᠳᠤ ᠥᠪᠥᠷ ᠮᠣᠩᠭᠤᠯ ᠤᠨ ᠤᠳᠬ᠎ᠠ ᠵᠣᠬᠢᠶᠠᠯ ᠤᠨ ᠦᠢᠯᠡᠰ ᠥᠷᠨᠢᠨ ᠬᠥᠭᠵᠢᠵᠦ᠂ ᠦᠢ ᠣᠯᠠᠨ ᠰᠢᠯᠢᠳᠡᠭ ᠵᠣᠬᠢᠶᠠᠯᠴᠢᠳ ᠪᠣᠯᠤᠨ ᠪᠦᠲᠦᠭᠡᠯ ᠴᠣᠯᠭᠤᠷᠠᠨ ᠭᠠᠷᠴᠤ᠂ ᠲᠤᠮᠳᠠᠳᠤ ᠶᠢᠨ ᠤᠳᠬ᠎ᠠ ᠵᠣᠬᠢᠶᠠᠯ ᠤᠨ ᠴᠡᠴᠡᠭᠯᠡᠨ ᠬᠥᠭᠵᠢᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠪᠠᠶᠠᠨᠨᠠᠭᠤᠷ ᠬᠤᠲᠠ ᠪᠣᠯ ᠥᠪᠥᠷ ᠮᠣᠩᠭᠤᠯ ᠤᠨ ᠲᠦᠷᠦᠬᠦᠦ ᠪᠦᠯᠦᠭ ᠤᠨ ᠭᠤᠶᠤᠴᠢᠯᠠᠨ ᠮᠡᠳᠡᠭᠦᠯᠵᠦ ᠵᠦᠪᠰᠢᠶᠡᠷᠡᠭᠳᠡᠭᠰᠡᠨ ᠳᠤᠮᠳᠠᠳᠤ ᠤᠯᠤᠰ ᠤᠨ ᠵᠣᠬᠢᠶᠠᠯᠴᠢᠳ ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠭᠦᠨᠵᠡᠭᠡᠶᠢᠷᠡᠬᠦ︾ ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ ᠤᠨ ᠨᠢᠭᠡ ᠪᠣᠯᠤᠨ᠎ᠠ᠂ ᠡᠨᠡ ᠨᠢ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠥᠪᠥᠷ ᠮᠣᠩᠭᠤᠯ ᠤᠨ ᠤᠳᠬ᠎ᠠ ᠵᠣᠬᠢᠶᠠᠯ ᠤᠨ ᠦᠢᠯᠡᠰ ᠢ ᠰᠡᠳᠬᠢᠯ ᠲᠠᠯᠪᠢᠨ ᠭᠦᠨᠵᠡᠭᠡᠢ ᠬᠠᠯᠠᠮᠵᠢᠯᠠᠵᠤ ᠪᠠᠶᠢᠬᠤ ᠶᠢ ᠬᠠᠷᠠᠭᠤᠯᠵᠤ᠂ ᠳᠤᠮᠳᠠᠳᠤ ᠤᠯᠤᠰ ᠤᠨ ᠵᠣᠬᠢᠶᠠᠯᠴᠢ᠂ ᠥᠪᠥᠷ ᠮᠣᠩᠭᠤᠯ ᠤᠨ ᠵᠣᠬᠢᠶᠠᠯᠴᠢ ᠳᠤ ᠳᠤᠮᠳᠠᠳᠤ ᠤᠯᠤᠰ ᠤᠨ ᠦᠯᠢᠭᠡᠷ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠬᠤ ᠥᠷᠭᠡᠨ ᠠᠭᠤᠳᠠᠮ ᠲᠠᠪᠴᠠᠩ ᠪᠠ ᠴᠣ ᠰᠢᠨ᠎ᠡ ᠦᠢᠯᠡᠳᠦᠯᠭᠡ ᠬᠠᠩᠭᠠᠭᠰᠠᠨ ᠪᠠᠶᠢᠨ᠎ᠠ᠃   ︽ᠥᠷᠭᠡᠨ ᠣᠯᠠᠨ ᠵᠣᠬᠢᠶᠠᠯᠴᠢᠳ ᠤᠨ ᠪᠠᠶᠠᠨᠨᠠᠭᠤᠷ ᠲᠤ ᠭᠦᠨᠵᠡᠭᠡᠶᠢᠷᠡᠨ᠂ ᠣᠷᠴᠢᠨ ᠲᠣᠭᠤᠷᠢᠨ ᠤ ᠵᠠᠰᠠᠯᠲᠠ ᠶᠢᠨ ᠬᠠᠲᠠᠭᠤ ᠪᠡᠷᠬᠡ ᠪᠠ ᠠᠮᠵᠢᠯᠲᠠ ᠪᠦᠲᠦᠮᠵᠢ ᠶᠢ ᠣᠶᠢᠯᠠᠭᠠᠵᠤ᠂ ᠲᠤᠬᠠᠢ ᠶᠢᠨ ᠭᠠᠵᠠᠷ ᠤᠨ ᠠᠷᠠᠳ ᠲᠦᠮᠡᠨ ᠤ ᠲᠡᠮᠡᠴᠡᠯ ᠤᠨ ᠥᠩᠭᠡᠷᠡᠯᠲᠡ ᠶᠢ ᠰᠡᠳᠬᠢᠯ ᠲᠠᠯᠪᠢᠨ ᠲᠡᠮᠳᠡᠭᠯᠡᠵᠦ᠂ ᠠᠳᠡᠬᠢ ᠪᠣᠬᠢᠷᠲᠤᠯ ᠦᠭᠡᠢ ᠭᠦᠭᠵᠢᠯᠲᠡ ᠶᠢ ᠪᠢᠴᠢᠭᠯᠡᠨ᠂ ᠤᠳᠬ᠎ᠠ ᠵᠣᠬᠢᠶᠠᠯ ᠢᠶᠠᠷ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠬᠦᠭᠡᠮᠳᠦᠭ ᠨᠤᠭᠤᠭᠠᠨ ᠠᠭᠤᠯᠠ ᠤᠰᠤ ᠪᠠᠨ ᠬᠠᠮᠲᠤᠪᠠᠷ ᠰᠠᠬᠢᠨ ᠬᠠᠮᠠᠭᠠᠯᠠᠬᠤ ᠶᠢ ᠬᠦᠰᠡᠵᠦ ᠪᠠᠶᠢᠨ᠎ᠠ︾ ᠭᠡᠮᠡᠨ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠳᠡᠳ᠋ ᠲᠡᠷᠢᠭᠦᠯᠡᠭᠴᠢ ᠴᠧᠨ ᠶᠠᠨ ᠢᠯᠡᠷᠬᠡᠶᠢᠯᠡᠭᠰᠡᠨ ᠪᠠᠶᠢᠨ᠎ᠠ᠃   ᠲᠤᠰ ᠤᠳᠠᠭ᠎ᠠ ᠶᠢᠨ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠳᠤ ᠵᠣᠬᠢᠶᠠᠯᠴᠢᠳ ᠤᠯᠤᠰ ᠤᠨ ᠡᠵᠡᠩᠨᠡᠯᠲᠡ ᠶᠢᠨ ᠰᠢᠨᠬᠤᠸᠠ ᠣᠢ ᠰᠢᠭᠤᠢ ᠶᠢᠨ ᠲᠠᠯᠠᠪᠠᠢ᠂ ᠪᠤᠷᠤᠳᠤᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ ᠵᠠᠩᠬᠢᠵᠢᠯᠳᠠ ᠶᠢ ᠬᠢᠨᠠᠨ ᠬᠡᠮᠵᠢᠬᠦ ᠲᠥᠪ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠰᠣᠶᠣᠯ ᠤᠨ ᠮᠦᠽᠧᠢ᠂ ᠪᠠᠶᠠᠨᠨᠠᠭᠤᠷ ᠤᠨ ᠲᠠᠷᠢᠶᠠᠯᠠᠩ ᠤᠨ ᠲᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠤᠷᠤᠨ᠂ ᠤᠯᠠᠭᠠᠠᠰᠤᠬᠠᠢ ᠨᠠᠭᠤᠷ ᠵᠡᠷᠭᠡ ᠭᠠᠵᠠᠷ ᠲᠤ ᠭᠦᠨᠵᠡᠭᠡᠶᠢᠷᠡᠵᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ