ᠠᠵᠢᠯ ᠤᠨ ᠭᠡᠮᠲᠦᠯ ᠤᠨ ᠳᠠᠭᠠᠳᠬᠠᠯ ᠢ ᠪᠤᠳᠤᠬᠤ ᠳᠤ ᠲᠦᠭᠦᠮ ᠪᠤᠯᠵᠠᠢ
ᠨᠡᠶᠢᠲᠡᠯᠡᠭᠰᠡᠨ ᠴᠠᠭ᠄
2024/7/23
   ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠲᠤᠷᠰᠢᠯᠲᠠ ᠶᠢᠨ ᠴᠡᠭ ᠤᠨ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ 4 ᠰᠠᠷ᠎ᠠ ᠶᠢᠨ 1 ᠤ ᠡᠳᠦᠷ ᠠᠴᠠ ᠡᠬᠢᠯᠡᠨ ᠬᠥᠬᠡᠬᠤᠲᠠ᠂ ᠪᠤᠭᠤᠲᠤ ᠬᠤᠲᠠ᠂ ᠦᠬᠠᠢ ᠬᠤᠲᠠ᠂ ᠤᠯᠠᠭᠠᠨᠴᠠᠪ ᠬᠤᠲᠠ ᠪᠠ ᠬᠢᠩᠭᠠᠨ ᠠᠶᠢᠮᠠᠭ ᠲᠤ 1 ᠵᠢᠯ ᠤᠨ ᠬᠤᠭᠤᠴᠠᠭ᠎ᠠ ᠲᠠᠢ ᠪᠠᠷ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠪᠡ᠃   ᠲᠤᠰ ᠬᠡᠷᠡᠭᠵᠢᠭᠦᠯᠬᠦ ᠲᠥᠰᠥᠯ ᠳᠤ ᠲᠤᠷᠰᠢᠯᠲᠠ ᠶᠢᠨ ᠴᠡᠭ ᠤᠨ ᠭᠠᠵᠠᠷ ᠣᠷᠣᠨ ᠳᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠪᠥᠭᠡᠳ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠬᠢᠨ ᠡᠭᠦᠰᠬᠦ ᠶᠢ ᠨᠤᠲᠠᠯᠠᠬᠤ᠂ ᠠᠵᠢᠯ ᠠᠴᠠ ᠪᠣᠯᠤᠭᠰᠠᠨ ᠭᠡᠮᠲᠦᠯ ᠤᠨ ᠡᠷᠡᠭᠦᠯᠵᠢᠯ ᠢ ᠨᠤᠲᠠᠯᠠᠬᠤ ᠪᠤᠶᠤ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠬᠤ ᠪᠠᠷ ᠨᠤᠲᠠᠯᠠᠬᠤ ᠶᠠᠪᠤᠴᠠ ᠶᠢ ᠲᠠᠭᠤᠰᠬᠠᠭᠰᠠᠨ ᠣᠷᠳᠣ ᠬᠤᠭᠤᠴᠠᠭ᠎ᠠ ᠪᠠᠷ ᠣᠨᠳᠣᠣ ᠭᠠᠵᠠᠷ ᠲᠤ ᠰᠠᠭᠤᠬᠤ᠂ ᠣᠨᠳᠣᠣ ᠭᠠᠵᠠᠷ ᠲᠤ ᠪᠠᠶᠢᠩᠭᠤ ᠰᠠᠭᠤᠬᠤ ᠪᠠ ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠵᠦ ᠪᠠᠶᠢᠭ᠎ᠠ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠪᠤᠶᠤ ᠡᠯᠧᠺᠳ᠋ᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠠᠪᠴᠤ᠂ ᠭᠠᠳᠠᠷ ᠮᠤᠵᠢ ᠶᠢᠨ ᠲᠤᠷᠰᠢᠯᠲᠠ ᠶᠢᠨ ᠴᠡᠭ ᠤᠨ ᠵᠥᠪᠳᠡᠯᠴᠡᠭᠡᠷ ᠤᠨ ᠪᠠᠶᠢᠭᠤᠯᠤᠮᠵᠢ ᠳᠤ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ᠂ ᠡᠷᠡᠭᠦᠯᠵᠢᠯ ᠤᠨ ᠵᠠᠷᠤᠳᠠᠯ ᠪᠠ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠤᠭᠰᠠᠨ ᠵᠠᠷᠤᠳᠠᠯ ᠢ ᠰᠢᠭᠤᠳ ᠲᠡᠰᠦᠯᠦᠨ ᠪᠤᠳᠤᠭᠤᠯᠵᠤ ᠪᠣᠯᠣᠨ᠎ᠠ᠃ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ᠂ ᠦᠬᠠᠢ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠤᠯᠠᠭᠠᠨᠴᠠᠪ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠡᠮᠴᠢᠯᠡᠭᠡᠨ ᠤ ᠦᠢᠯᠡᠴᠢᠯᠡᠭᠡ ᠬᠠᠩᠭᠠᠨ᠎ᠠ︔ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠡᠷᠡᠭᠦᠯᠵᠢᠯ ᠤᠨ ᠦᠢᠯᠡᠴᠢᠯᠡᠭᠡ ᠬᠠᠩᠭᠠᠨ᠎ᠠ︔ ᠥᠪᠥᠷ ᠮᠣᠩᠭᠤᠯ ᠤᠨ ᠳ᠋ᠧ ᠮᠧᠩ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠭᠡ ᠬᠠᠩᠭᠠᠨ᠎ᠠ ᠭᠡᠵᠦ ᠲᠣᠳᠣᠷᠬᠠᠢ ᠲᠣᠭᠲᠠᠭᠠᠭᠰᠠᠨ ᠪᠠᠶᠢᠨ᠎ᠠ᠃   ᠣᠶᠢᠯᠠᠭᠠᠭᠰᠠᠨ ᠢᠶᠠᠷ᠂ ᠲᠤᠷᠰᠢᠯᠲᠠ ᠶᠢᠨ ᠴᠡᠭ ᠤᠨ ᠠᠶᠢᠮᠠᠭ ᠬᠤᠲᠠ ᠶᠢᠨ ᠠᠵᠢᠯ ᠤᠨ ᠭᠡᠮᠲᠦᠯ ᠲᠠᠢ ᠬᠥᠮᠥᠰ ᠣᠨᠳᠣᠣ ᠭᠠᠵᠠᠷ ᠲᠤ ᠡᠮᠨᠡᠭᠦᠯᠬᠦ ᠠᠴᠠ ᠡᠮᠦᠨ᠎ᠡ᠂ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ︽ᠠᠯᠠᠭᠠᠨ ᠳᠡᠭᠡᠷᠡᠬᠢ 12333︾ APP᠂  ᠡᠯᠧᠺᠲᠷᠣᠨ ᠨᠡᠶᠢᠭᠡᠮ ᠤᠨ ᠳᠠᠭᠠᠳᠬᠠᠯ ᠤᠨ ᠺᠠᠷᠲ ᠪᠤᠶᠤ ᠳᠠᠭᠠᠳᠬᠠᠯ ᠳᠤ ᠣᠷᠣᠯᠴᠠᠭᠰᠠᠨ ᠭᠠᠵᠠᠷ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠴᠣᠩᠬᠤᠪᠴᠢ ᠪᠠᠷ ᠳᠡᠮᠵᠢᠨ ᠠᠵᠢᠯ ᠤᠨ ᠭᠡᠮᠲᠦᠯ ᠢ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠵᠤ ᠳᠠᠩᠰᠠᠯᠠᠭᠤᠯᠬᠤ ᠶᠢ ᠭᠤᠶᠤᠴᠢᠯᠠᠵᠤ ᠪᠣᠯᠣᠨ᠎ᠠ᠃ ᠣᠨᠳᠣᠣ ᠭᠠᠵᠠᠷ ᠲᠤ ᠤᠷᠲᠤ ᠬᠤᠭᠤᠴᠠᠭ᠎ᠠ ᠪᠠᠷ ᠰᠠᠭᠤᠵᠤ ᠠᠵᠢᠯᠯᠠᠭᠰᠠᠨ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠳᠠᠩᠰᠠᠯᠠᠯᠲᠠ ᠨᠢ 1 ᠵᠢᠯ ᠤᠨ ᠬᠦᠴᠦᠨ ᠲᠠᠢ︔ ᠮᠤᠵᠢ ᠠᠯᠤᠰᠯᠠᠨ ᠡᠮᠨᠡᠯᠭᠡ ᠰᠢᠯᠵᠢᠨ ᠡᠮᠨᠡᠭᠦᠯᠦᠭᠰᠡᠨ ᠠᠵᠢᠯᠲᠠᠨ ᠠᠵᠢᠯᠴᠢᠨ ᠤ ᠳᠠᠩᠰᠠᠯᠠᠯᠲᠠ ᠶᠢᠨ ᠬᠦᠴᠦᠨ ᠲᠠᠢ ᠬᠤᠭᠤᠴᠠᠭ᠎ᠠ ᠨᠢ 3 ᠰᠠᠷ᠎ᠠ ᠪᠣᠯᠣᠨ᠎ᠠ᠃ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠡᠪᠡᠳᠴᠢᠨ ᠦᠵᠡᠭᠦᠯᠬᠦ ᠭᠠᠵᠠᠷ ᠢᠶᠠᠨ ᠬᠡᠳᠦ ᠤᠯᠠᠨ ᠬᠤᠪᠢᠷᠠᠭᠤᠯᠬᠤ ᠪᠤᠶᠤ ᠬᠦᠴᠦᠨ ᠦᠭᠡᠢ ᠪᠣᠯᠭᠠᠬᠤ ᠶᠢ ᠰᠡᠷᠭᠡᠶᠢᠯᠡᠵᠦ᠂ ᠳᠠᠩᠰᠠᠯᠠᠭᠤᠯᠬᠤ ᠬᠤᠭᠤᠴᠠᠭ᠎ᠠ ᠶᠢ ᠬᠤᠪᠢᠷᠠᠭᠤᠯᠬᠤ ᠪᠤᠶᠤ ᠬᠦᠴᠦᠨ ᠦᠭᠡᠢ ᠪᠣᠯᠭᠠᠬᠤ ᠨᠢ ᠵᠠᠷᠴᠢᠮ ᠳᠡᠭᠡᠷ᠎ᠡ ᠪᠠᠨ 6 ᠰᠠᠷ᠎ᠠ ᠪᠣᠯᠣᠨ᠎ᠠ᠃   ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ︽ᠠᠯᠠᠭᠠᠨ ᠳᠡᠭᠡᠷᠡᠬᠢ 12333︾ APP᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠪᠠᠷ ᠳᠠᠮᠵᠢᠨ᠂ ᠭᠠᠳᠠᠷ ᠮᠤᠵᠢ ᠶᠢᠨ ᠲᠤᠷᠰᠢᠯᠲᠠ ᠶᠢᠨ ᠴᠡᠭ ᠤᠨ ᠬᠤᠲᠠ ᠪᠠ ᠲᠤᠷᠰᠢᠯᠲᠠ ᠶᠢᠨ ᠴᠡᠭ ᠤᠨ ᠡᠮᠴᠢᠯᠡᠭᠡ᠂ ᠡᠷᠡᠭᠦᠯᠵᠢᠯ᠂ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠪᠠᠶᠢᠭᠤᠯᠤᠮᠵᠢ ᠶᠢᠨ ᠨᠡᠷᠡᠰ ᠢ ᠪᠠᠶᠢᠴᠠᠭᠠᠨ ᠯᠠᠪᠯᠠᠵᠤ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ