ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 82 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/7/26
    7 ᠰᠠᠷ᠎ᠠ ᠶᠢᠨ 25 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠣ ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 82 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠪᠠ᠃

微信图片_20240726095649.jpg

   ᠬᠤᠷᠠᠯ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ

ᠫᠢᠩ ᠤᠨ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ

ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ

ᠰᠠᠨᠠᠭ᠎ᠠ ᠶᠢ ᠤᠯᠠᠮᠵᠢᠯᠠᠨ ᠰᠤᠷᠤᠯᠴᠠᠪᠠ᠃

   ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ

ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ

ᠪᠣᠯᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠶᠤᠨ ᠲᠠᠷᠢᠬᠢᠨ ᠳᠠᠭᠠᠨ ᠬᠠᠳᠠᠩᠰᠢᠭᠤᠯᠵᠤ᠂ ᠭᠦᠨᠵᠡᠭᠡᠢ ᠪᠣᠳᠠᠲᠠᠶᠢᠵᠢᠭᠤᠯᠬᠤ ᠶᠢ ᠠᠬᠢᠭᠤᠯᠬᠤ

ᠬᠡᠷᠡᠭᠲᠡᠢ᠃ ᠬᠤᠶᠠᠷ ᠶᠡᠭᠡ ᠶᠠᠪᠤᠳᠠᠯ ᠤᠨ ᠬᠠᠷᠠᠯᠲᠠ ᠡᠭᠦᠷᠭᠡ ᠶᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠪᠠ ᠦᠢᠯᠡ

ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ

ᠨᠢᠭᠡᠳᠬᠡᠵᠦ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ

ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ︽

ᠰᠢᠨ᠎ᠡ ᠵᠠᠮ ᠢ ᠨᠡᠭᠡᠭᠡᠵᠦ᠂  ᠲᠣᠮᠳᠠ ᠣᠷᠣᠰᠬᠠᠯ ᠳᠤ ᠣᠷᠣᠬᠤ︾ ᠪᠠ ᠬᠤᠲᠠ ᠶᠢᠨ ᠨᠠᠮ ᠤᠨ ᠬᠤᠷᠢᠶᠠᠨ ᠤ ︽ᠲᠠᠪᠤᠨ ᠳᠡᠭᠡᠲᠣ ᠲᠠᠪᠤᠨ ᠲᠣᠭᠤᠷᠢᠭ︾

 ᠤᠨ ᠬᠥᠭᠵᠢᠯᠲᠡ ᠶᠢᠨ ᠬᠠᠷᠠᠯᠲᠠ ᠶᠢ ᠲᠦᠷᠭᠡᠳᠬᠡᠨ ᠪᠡᠶᠡᠯᠡᠭᠦᠯᠬᠦ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠬᠡᠪᠡ᠃

ᠬᠤᠷᠠᠯ ᠳᠤ᠂ ᠪᠥᠬᠦ ᠬᠤᠲᠠ ᠶᠢᠨ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ

ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠠ ︽ᠵᠢᠷᠭᠤᠭᠠᠨ

ᠢᠨᠵᠧᠨᠧᠷᠢᠩ︾ ᠢ ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠪᠠ᠃

    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠪᠠᠶᠢᠳᠠᠯ ᠢ ᠲᠣᠳᠣᠷᠬᠠᠢ

ᠲᠠᠨᠢᠵᠤ᠂ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠤᠨ ᠲᠣᠭᠤᠷᠢᠨ ᠳᠤ᠂

ᠳᠤᠲᠠᠭᠤᠳᠠᠯ ᠢᠶᠠᠨ ᠬᠦᠴᠦᠷᠬᠡᠭᠵᠢᠭᠦᠯᠦᠨ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠡᠯ᠎ᠡ ᠲᠦᠷᠦᠯ ᠤᠨ ᠡᠯ᠎ᠡ

ᠠᠵᠢᠯ ᠲᠦᠷᠦᠯ ᠤᠨ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠳᠣᠣᠷ᠎ᠠ ᠬᠠᠭᠠᠰ ᠵᠢᠯ ᠤᠨ ᠠᠵᠢᠯ ᠢ ᠪᠦᠬᠦ

ᠬᠦᠴᠦᠨ ᠢᠶᠠᠷ ᠢᠶᠠᠨ ᠰᠠᠶᠢᠲᠤᠷ ᠲᠥᠯᠥᠪᠵᠢᠭᠦᠯᠵᠦ᠂ ᠲᠦᠷᠦᠯ ᠵᠦᠢᠯ ᠤᠨ ᠠᠷᠠᠯᠵᠢᠶᠠᠴᠢᠨ ᠤᠷᠢᠬᠤ ᠪᠠ ᠪᠣᠳᠠᠲᠠᠢ ᠳᠤ ᠨᠠᠶᠢᠳᠠᠪᠤᠷᠢᠵᠢᠭᠤᠯᠤᠨ ᠪᠦᠳᠦᠭᠡᠨ

ᠪᠠᠶᠢᠭᠤᠯᠬᠤ᠂ ᠠᠵᠢᠯ ᠢᠶᠠᠨ ᠰᠡᠷᠭᠦᠭᠡᠬᠦ ᠨᠤᠷᠮ᠎ᠠ ᠶᠢ ᠪᠠᠲᠤ ᠰᠠᠶᠢᠲᠤᠷ ᠠᠳᠬᠤᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ

ᠰᠢᠯᠢᠳᠡᠭᠵᠢᠭᠦᠯᠬᠦ ᠪᠠᠷ ᠳᠠᠮᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ

ᠲᠣᠲᠣᠷᠬᠠᠶᠢᠯᠠᠨ᠂ ᠪᠦᠯᠬᠦᠮᠳᠡᠨ ᠬᠠᠮᠵᠢᠯᠴᠠᠵᠤ᠂ ᠴᠢᠬᠤᠯᠠ ᠶᠡᠭᠡ ᠠᠵᠤ ᠠᠬᠤᠢ ᠶᠢᠨ ᠲᠦᠷᠦᠯ ᠵᠦᠢᠯ ᠢ ᠲᠣᠭᠲᠠᠭᠤᠨ ᠢᠶᠠᠷ ᠠᠬᠢᠭᠤᠯᠬᠤ ᠶᠢ ᠪᠠᠲᠤᠯᠠᠵᠤ᠂

ᠪᠦᠬᠦ ᠵᠢᠯ ᠤᠨ ᠠᠵᠤ ᠠᠬᠤᠢ ᠶᠢᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠷᠠᠳ ᠤᠯᠠᠨ ᠳᠤ ᠬᠠᠨᠤᠮᠵᠢᠲᠠᠢ ᠬᠠᠷᠢᠭᠤᠯᠲᠠ ᠶᠢᠨ

ᠬᠠᠭᠤᠳᠠᠰᠤ ᠲᠤᠰᠢᠶᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂

ᠪᠦᠬᠦ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠣᠳᠣᠬᠢᠴᠢᠯᠠᠭᠰᠠᠨ ᠤᠷᠠᠳ ᠤᠨ ᠡᠮᠦᠨᠡᠲᠦ

ᠬᠤᠰᠢᠭᠤᠨ ᠤ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠢ ᠬᠡᠪᠡ᠃

   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

   

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ