ᠡᠨᠡ ᠵᠢᠯ᠂ ᠤᠷᠠᠳ ᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ | ᠴᠡᠨᠡᠭᠯᠡᠬᠦ ᠳᠤ ᠬᠦᠴᠢᠷ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠪᠥᠬᠦ ᠬᠤᠰᠢᠭᠤᠨ ᠳᠤ 39 ᠴᠠᠬᠢᠯᠭᠠᠨ ᠴᠡᠨᠡᠭᠯᠡᠬᠦ ᠱᠣᠩ᠂ 78 | ᠴᠠᠬᠢᠯᠭᠠᠨ ᠴᠡᠨᠡᠭᠯᠡᠬᠦ ᠫᠤᠤ ᠶᠢ ᠢᠵᠢ ᠪᠦᠷᠢᠳᠦᠭᠦᠯᠪᠡ᠃ ᠣᠳᠣᠬᠠᠨ ᠳᠤ᠂ ᠡᠳᠡᠭᠡᠷ ᠴᠠᠬᠢᠯᠭᠠᠨ ᠴᠡᠨᠡᠭᠯᠡᠬᠦ ᠫᠤᠤ ᠶᠢ ᠪᠦᠬᠦᠨ ᠢ ᠠᠰᠢᠭᠯᠠᠯᠲᠠ ᠳᠤ | ᠣᠷᠣᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠬᠠᠩᠭᠠᠵᠤ᠂ ᠤᠯᠠᠨ ᠲᠦᠮᠡᠨ ᠤ ᠪᠣᠬᠢᠷᠲᠤᠯ ᠦᠭᠡᠢ ᠪᠠᠷ | ᠶᠠᠪᠤᠵᠤ ᠰᠠᠭᠤᠬᠤ ᠳᠤ ᠬᠦᠴᠦᠨ ᠨᠡᠮᠡᠷᠢᠯᠡᠵᠦ ᠪᠠᠶᠢᠨ᠎ᠠ᠃ | ᠠᠩᠬᠠᠨ ᠤ ᠪᠦᠯᠦᠭ ᠴᠠᠬᠢᠯᠭᠠᠨ ᠴᠡᠨᠡᠭᠯᠡᠬᠦ ᠲᠥᠬᠦᠭᠡᠷᠦᠮᠵᠢ ᠳᠤ ᠲᠦᠷᠭᠡᠨ ᠴᠡᠨᠡᠭᠯᠡᠬᠦ᠂ ᠤᠳᠠᠭᠠᠨ ᠴᠡᠨᠡᠭᠯᠡᠬᠦ ᠬᠤᠶᠠᠷ ᠵᠦᠢᠯ ᠤᠨ ᠠᠷᠭ᠎ᠠ ᠪᠠᠭᠲᠠᠨ᠎ᠠ | ᠂ ᠭᠠᠭᠴᠠ ᠲᠠᠯ᠎ᠠ ᠶᠢᠨ ᠬᠠᠮᠤᠭ ᠤᠨ ᠶᠡᠭᠡ ᠭᠠᠷᠭᠠᠬᠤ ᠴᠢᠳᠠᠮᠵᠢ ᠨᠢ 120 ᠺᠢᠯᠤᠸᠠᠲ ᠲᠤ ᠬᠦᠷᠴᠦ᠂ ᠵᠠᠬ᠎ᠠ ᠳᠡᠯᠭᠡᠭᠦᠷ ᠳᠡᠭᠡᠷᠡᠬᠢ ᠶᠡᠬᠡᠩᠬᠢ ᠴᠤᠯᠤ | ᠴᠠᠬᠢᠯᠭᠠᠨ ᠬᠥᠳᠡᠯᠭᠡᠭᠦᠷᠲᠦ ᠲᠡᠷᠭᠡᠨ ᠤ ᠬᠡᠯᠪᠡᠷᠢ ᠶᠢ 2 ᠴᠠᠭ ᠣᠷᠴᠢᠮ ᠴᠡᠨᠡᠭᠯᠡᠵᠦ ᠳᠠᠭᠤᠰᠬᠠᠨ᠎ᠠ᠃ | ᠡᠨᠡ ᠵᠢᠯ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠤᠷᠠᠳ ᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ | 709.59 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠠᠷᠢᠶ᠎ᠠ ᠣᠷᠣᠨ ᠳᠤ 10 ᠴᠠᠬᠢᠯᠭᠠᠨ ᠴᠡᠨᠡᠭᠯᠡᠬᠦ ᠥᠷᠲᠡᠭᠡ ᠪᠠᠶᠢᠭᠤᠯᠵᠤ᠂ ᠡᠭᠦᠨ ᠳᠤ᠂ | ᠮᠤᠨᠠ ᠠᠭᠤᠯᠠ ᠪᠠᠯᠭᠠᠰᠤ ᠶᠢᠨ ᠬᠤᠲᠠ ᠶᠢᠨ ᠲᠣᠭᠤᠷᠢᠭ ᠲᠤ 4᠂ ᠰᠤᠮᠤ ᠪᠠᠯᠭᠠᠰᠤ ᠶᠢᠨ ᠪᠠᠶᠢᠭ᠎ᠠ ᠭᠠᠵᠠᠷ ᠲᠤ 5᠂ ᠤᠯᠠᠭᠠᠨᠰᠤᠬᠠᠢ ᠦᠵᠡᠮᠵᠢ ᠶᠢᠨ | ᠣᠷᠣᠨ ᠳᠤ 1 ᠪᠣᠶ᠃ ᠴᠠᠬᠢᠯᠭᠠᠨ ᠴᠡᠨᠡᠭᠯᠡᠬᠦ ᠥᠷᠲᠡᠭᠡ ᠳᠤ ᠨᠡᠶᠢᠲᠡ 120 ᠺᠢᠯᠤᠸᠠᠲ ᠤᠨ ᠲᠦᠷᠭᠡᠨ ᠴᠠᠬᠢᠯᠭᠠᠨ ᠴᠡᠨᠡᠭᠯᠡᠬᠦ ᠱᠣᠩ 39᠂ ᠴᠠᠬᠢᠯᠭᠠᠨ | ᠴᠡᠨᠡᠭᠯᠡᠬᠦ ᠫᠤᠤ 78᠂ ᠲᠡᠷᠭᠡ ᠬᠥᠰᠬᠡ ᠶᠢᠨ ᠣᠷᠣᠨ ᠬᠢᠵᠠᠭᠠᠷᠯᠠᠭᠤᠷ 78᠂ ᠬᠢᠨᠠᠨ ᠡᠵᠡᠮᠳᠡᠬᠦ ᠭᠡᠷᠡᠯᠲᠦᠭᠦᠯᠭᠡ 13 ᠢᠵᠢ ᠶᠢ ᠲᠣᠬᠢᠷᠠᠭᠤᠯᠪᠠ᠃ | ᠣᠳᠣᠬᠠᠨ ᠳᠤ ᠴᠠᠬᠢᠯᠭᠠᠨ ᠴᠡᠨᠡᠭᠯᠡᠬᠦ ᠥᠷᠲᠡᠭᠡ ᠪᠦᠬᠦᠨ ᠢᠶᠠᠷ ᠢᠶᠠᠨ ᠠᠰᠢᠭᠯᠠᠯᠲᠠ ᠳᠤ ᠣᠷᠣᠵᠠᠶ᠃ 《 ᠲᠠᠷᠠᠭᠠᠴᠢ ᠶᠢᠨ ᠠᠯᠬᠤᠮ ᠳᠤ᠂ ᠮᠠᠨ ᠤ ᠺᠣᠮᠫᠠᠨᠢ | ︿ᠬᠤᠶᠠᠷ ᠲᠣᠭᠤᠷᠢᠭ ᠭᠤᠷᠪᠠᠨ ᠲᠥᠪ﹀ ᠤᠨ ᠭᠠᠵᠠᠷ ᠰᠣᠩᠭᠤᠬᠤ ᠵᠠᠷᠴᠢᠮ ᠤᠨ ᠲᠣᠭᠤᠷᠢᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ | ᠴᠡᠨᠡᠭᠯᠡᠬᠦ ᠱᠣᠩ ᠤᠨ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠷᠭᠡᠨ ᠣᠯᠠᠨ | ᠬᠡᠷᠡᠭᠯᠡᠭᠴᠢ ᠶᠢᠨ ᠴᠠᠬᠢᠯᠭᠠᠨ ᠬᠦᠴᠦᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ 》 | ᠭᠡᠵᠦ ᠤᠷᠠᠳ ᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠳᠡᠳ᠋ ᠳᠠᠭᠠᠭᠠᠮᠠᠯ ᠹᠦ᠋ ᠲᠢᠩ ᠺᠠᠶ ᠬᠡᠯᠡᠪᠡ᠃ |