ᠤᠷᠠᠳ ᠤᠨ ᠡᠮᠦᠨᠡᠲᠦ ᠬᠤᠰᠢᠭᠤ ᠳᠤᠯᠠᠭᠠᠯᠠᠬᠤ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2024/7/3
      ᠡᠨᠡ ᠵᠢᠯ ᠠᠴᠠ ᠨᠠᠰᠢ᠂ ᠤᠷᠠᠳ ᠤᠨ ᠡᠮᠦᠨᠡᠲᠦ ᠬᠤᠰᠢᠭᠤ ᠣᠯᠠᠨ ᠲᠦᠮᠡᠨ ᠤ ᠳᠤᠯᠠᠭᠠᠯᠠᠭ᠎ᠠ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠠᠵᠢᠯ ᠤᠨ ᠬᠤᠭᠤᠴᠠᠭ᠎ᠠ ᠶᠢ ᠵᠠᠪᠳᠤᠨ᠂ ᠠᠬᠢᠴᠠ ᠶᠢ ᠲᠦᠷᠭᠡᠳᠬᠡᠵᠦ᠂ ᠰᠢᠨ᠎ᠡ ᠳᠤᠯᠠᠭᠠᠯᠠᠭ᠎ᠠ ᠶᠢᠨ ᠤᠯᠠᠷᠢᠯ ᠪᠣᠯᠬᠤ ᠠᠴᠠ ᠡᠮᠦᠨ᠎ᠡ ᠪᠥᠬᠦ ᠪᠠᠷᠢᠯᠭ᠎ᠠ ᠶᠢᠨ ᠡᠭᠦᠷᠭᠡ ᠪᠠᠨ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃      ᠤᠷᠠᠳ ᠤᠨ ᠡᠮᠦᠨᠡᠲᠦ ᠬᠤᠰᠢᠭᠤᠨ ᠤ ᠬᠡᠷᠡᠭᠵᠢᠭᠦᠯᠦᠭᠰᠡᠨ ᠳᠤᠯᠠᠭᠠᠯᠭ᠎ᠠ ᠶᠢᠨ ᠢᠨᠵᠧᠨᠧᠷᠢᠩ ᠨᠢ ᠢᠯᠴᠢ ᠬᠠᠩᠭᠠᠬᠤ ᠰᠢᠰᠲ᠋ᠧᠮ ᠳᠤ ᠪᠥᠬᠦ ᠲᠠᠯ᠎ᠠ ᠶᠢᠨ ᠦᠨᠡᠯᠡᠨ ᠵᠢᠱᠢᠯᠲᠡ ᠬᠢᠵᠦ᠂ ᠣᠯᠠᠨ ᠲᠦᠮᠡᠨ ᠤ ᠲᠤᠰᠬᠠᠯ ᠲᠥᠪᠯᠡᠷᠡᠭᠰᠡᠨ ᠡᠯ᠎ᠡ ᠲᠥᠷᠥᠯ ᠤᠨ ᠳᠤᠯᠠᠭᠠᠯᠭ᠎ᠠ ᠶᠢᠨ ᠠᠰᠠᠭᠤᠳᠠᠯ ᠢ ᠦᠨᠳᠦᠰᠦᠯᠡᠨ᠂ ᠬᠠᠨᠳᠤᠯᠭᠠᠲᠤ ᠴᠢᠨᠠᠷᠲᠠᠶ ᠪᠠᠷ ᠢᠨᠵᠧᠨᠧᠷᠢᠩ ᠤᠨ ᠲᠥᠯᠥᠪᠯᠡᠭᠡ ᠲᠣᠭᠲᠠᠭᠠᠵᠤ᠂ ᠳᠤᠯᠠᠭᠠᠯᠭ᠎ᠠ ᠶᠢᠨ ᠢᠨᠵᠧᠨᠧᠷᠢᠩ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠪᠡᠶ᠎ᠡ ᠰᠡᠳᠬᠢᠯ ᠢ ᠳᠤᠯᠠᠭᠠᠴᠠᠭᠤᠯᠬᠤ ᠪᠣᠯᠤᠨ᠎ᠠ᠃ ᠲᠤᠰ ᠣᠳᠠᠭᠠᠨ ᠤ ᠳᠤᠯᠠᠭᠠᠯᠠᠭ᠎ᠠ ᠶᠢᠨ ᠢᠨᠵᠧᠨᠧᠷᠢᠩ ᠨᠢ ᠳᠤᠯᠠᠭᠠᠯᠠᠭ᠎ᠠ ᠶᠢᠨ ᠨᠢᠭᠡᠳᠦᠭᠡᠷ ᠳᠡᠰ ᠤᠨ ᠬᠤᠭᠤᠯᠠᠢ ᠲᠣᠣᠷ 3 ᠺᠢᠯᠤᠮᠧᠲᠷ᠂ ᠬᠤᠶᠠᠳᠤᠭᠠᠷ ᠳᠡᠰ ᠤᠨ ᠬᠤᠭᠤᠯᠠᠢ ᠲᠣᠣᠷ 8.7 ᠺᠢᠯᠤᠮᠧᠲᠷ  ᠪᠠᠶᠢᠵᠤ᠂  40 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠤᠨ ᠪᠣᠰᠤᠭ᠎ᠠ ᠬᠤᠭᠤᠯᠠᠢ ᠢ 23.53 ᠺᠢᠯᠣᠮᠧᠲᠷ ᠥᠭᠡᠷᠡᠴᠢᠯᠡᠨ  ᠪᠠᠶᠢᠭᠤᠯᠤᠨ᠂ 1 ᠵᠤᠷᠪᠤᠰ 148 ᠮᠧᠲᠷ ᠤᠨ ᠢᠯᠴᠢ ᠬᠠᠩᠭᠠᠬᠤ ᠨᠢᠭᠡᠳᠦᠭᠡᠷ ᠳᠡᠰ ᠤᠨ ᠬᠤᠭᠤᠯᠠᠶ ᠶᠢᠨ ᠲᠤᠤᠷ ᠢ ᠥᠭᠡᠷᠡᠴᠢᠯᠡᠵᠦ᠂ 18 ᠲᠡᠭᠦᠰᠬᠡᠯ ᠦᠵᠦᠭᠦᠷ ᠤᠨ ᠢᠯᠴᠢ ᠶᠢᠨ ᠬᠦᠴᠦᠨ ᠤ ᠥᠷᠲᠡᠭᠡ ᠳᠤ ᠪᠤᠴᠠᠯᠲᠠ ᠶᠢᠨ ᠤᠰᠤᠨ ᠬᠥᠭᠡᠷᠭᠡ ᠨᠡᠮᠡᠵᠦ ᠲᠣᠬᠢᠷᠠᠭᠤᠯᠬᠤ ᠵᠡᠷᠭᠡ ᠬᠤᠭᠤᠯᠠᠶ ᠶᠢᠨ ᠲᠤᠤᠷ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ  ᠬᠡᠷᠡᠭᠵᠢᠭᠦᠯᠦᠨ ᠢᠯᠴᠢ ᠶᠢᠨ ᠬᠦᠴᠦᠨ ᠤ ᠥᠷᠲᠡᠭᠡ 20 ᠶᠢ ᠥᠭᠡᠷᠡᠴᠢᠯᠡᠨ ᠪᠠᠶᠢᠭᠤᠯᠤᠨ᠎ᠠ︔     ᠣᠳᠣᠬᠠᠨ ᠳᠤ ᠤᠷᠠᠳ ᠤᠨ ᠡᠮᠦᠨᠡᠲᠦ ᠬᠤᠰᠢᠭᠤᠨ ᠤ ᠳᠤᠯᠠᠭᠠᠮᠵᠢ ᠶᠢᠨ ᠢᠨᠵᠧᠨᠧᠷᠢᠩ ᠤᠨ 6 ᠲᠥᠷᠥᠯ ᠤᠨ ᠲᠥᠷᠥᠯ  ᠵᠦᠢᠯ ᠢ ᠪᠦᠬᠦᠨ ᠢ ᠠᠵᠢᠯ ᠡᠬᠢᠯᠡᠭᠦᠯᠵᠦ᠂ 9 ᠰᠠᠷ᠎ᠠ ᠶᠢᠨ ᠰᠡᠭᠦᠯᠴᠢ ᠪᠠᠷ ᠪᠦᠬᠦᠨ ᠢ ᠠᠵᠢᠯ ᠳᠠᠭᠤᠰᠬᠠᠬᠤ ᠪᠠᠷ ᠲᠥᠯᠥᠪᠯᠡᠵᠦ ᠪᠣᠶ᠃ ᠣᠳᠣᠬᠠᠨ ᠪᠣᠯᠲᠠᠯ᠎ᠠ᠂ ᠪᠠᠷᠢᠯᠭ᠎ᠠ ᠶᠢᠨ ᠶᠡᠷᠦᠩᠬᠡᠶ ᠠᠬᠢᠴᠠ ᠨᠢᠭᠡᠨᠲᠡ 50 % ᠶᠢᠨ ᠠᠵᠢᠯ ᠢᠶᠠᠨ ᠡᠬᠢᠯᠡᠭᠦᠯᠵᠦ᠂ ᠲᠥᠷᠥᠯ  ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠶᠢ 28 % ᠪᠠᠷ ᠪᠡᠶᠡᠯᠡᠭᠦᠯᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ