ᠣᠷᠠᠳ ᠤᠨ ᠡᠮᠦᠨᠡᠲᠦ ᠬᠤᠰᠢᠭᠤ 6.4 ᠲᠦᠮᠡᠨ ᠮᠥ ᠪᠣᠭᠤᠳᠠᠶ ᠶᠢᠨ ᠤᠨᠠᠯᠲᠠ ᠶᠢ ᠬᠡᠮᠵᠢᠪᠡ
ᠨᠡᠶᠢᠲᠡᠯᠡᠭᠰᠡᠨ ᠴᠠᠭ᠄
2024/7/31
    ᠣᠶᠢᠷ᠎ᠠ ᠳᠤ᠂ ᠣᠷᠠᠳ ᠤᠨ ᠡᠮᠦᠨᠡᠲᠤ ᠬᠤᠰᠢᠭᠤᠨ ᠤ ᠡᠷᠳᠡᠨᠢᠪᠤᠯᠠᠭ ᠰᠤᠮᠤ ᠶᠢᠨ ᠠᠷᠴᠠ ᠭᠠᠴᠠᠭᠠᠨ ᠤ ᠪᠤᠭᠤᠲᠠᠢ ᠶᠢᠨ ᠤᠨᠠᠯᠲᠠ ᠶᠢᠨ ᠵᠢᠱᠢᠶ᠎ᠠ ᠦᠵᠡᠭᠦᠯᠬᠦ ᠲᠣᠭᠤᠷᠢᠭ ᠲᠤ᠂ ᠲᠣᠰ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ  ᠤᠨ ᠺᠠᠳ᠋ᠷᠴᠤᠳ ᠪᠤᠭᠤᠳᠠᠢ ᠶᠢᠨ ᠤᠨᠠᠯᠲᠠ ᠶᠢ ᠬᠡᠮᠵᠢᠵᠦ ᠶᠠᠭᠠᠷᠠᠯᠳᠣᠨ᠎ᠠ᠃ ᠪᠤᠭᠤᠳᠠᠢ ᠶᠢᠨ ᠥᠨᠳᠥᠷ ᠤᠨᠠᠯᠲᠠ ᠶᠢᠨ ᠵᠢᠱᠢᠶ᠎ᠠ ᠦᠵᠡᠭᠦᠯᠬᠦ ᠣᠷᠣᠨ ᠤ ᠲᠠᠷᠢᠮᠠᠯ ᠤᠨ ᠡᠷᠦᠭᠡ ᠶᠠᠩ ᠹᠦ᠋ ᠰᠢ᠄ ︽ᠤᠨᠠᠯᠲᠠ ᠶᠢᠨ ᠬᠡᠮᠵᠢᠶ᠎ᠡ ᠠᠴᠠ ᠠᠪᠴᠤ ᠬᠡᠯᠡᠪᠡᠯ᠂ ᠨᠢᠳᠤᠨᠤᠨ ᠤ ᠬᠢ ᠠᠴᠠ ᠮᠥ ᠪᠦᠷᠢ ᠳᠤ 70 ᠭᠠᠷᠤᠶ ᠵᠢᠩ ᠨᠡᠮᠡᠭᠳᠡᠭᠰᠡᠨ ᠪᠠᠶᠢᠨ᠎ᠠ᠂ ᠲᠠᠷᠢᠬᠤ ᠠᠴᠠ ᠬᠤᠷᠢᠶᠠᠬᠤ ᠬᠦᠷᠲᠡᠯ᠎ᠡ ᠲᠣᠰ ᠲᠥᠪ ᠠᠴᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠪᠢᠳᠡᠨ ᠳᠤ ᠪᠣᠭᠤᠳᠠᠶ ᠶᠢᠨ ᠤᠷᠭᠤᠯᠲᠠ ᠶᠢᠨ ᠲᠤᠬᠠᠶ ᠬᠢᠴᠢᠶᠡᠯ ᠣᠷᠣᠭᠰᠠᠨ︾  ᠬᠡᠮᠡᠨ ᠶᠠᠷᠢᠵᠤ ᠪᠠᠶᠢᠪᠠ᠃   ᠪᠥᠬᠦ ᠬᠤᠰᠢᠭᠤᠨ ᠤ ᠪᠣᠭᠤᠳᠠᠶ ᠶᠢᠨ ᠦᠢᠯᠡᠳᠪᠦᠷᠢᠯᠡᠯ ᠤᠨ ᠪᠠᠶᠢᠳᠠᠯ ᠪᠠ ᠭᠠᠷᠤᠯᠲᠠ ᠶᠢ ᠣᠨᠣᠪᠴᠢᠲᠠᠶ ᠡᠵᠡᠮᠰᠢᠬᠦ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠠᠴᠠ ᠤᠷᠢᠳᠴᠢᠯᠠᠨ ᠠᠷᠭ᠎ᠠ ᠰᠦᠪᠡᠭᠴᠢᠯᠡᠵᠦ᠂ ᠪᠣᠭᠤᠳᠠᠶ ᠶᠢᠨ ᠤᠨᠠᠯᠲᠠ ᠶᠢ ᠬᠡᠮᠵᠢᠬᠦ ᠠᠵᠢᠯ ᠤᠨ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠥᠬᠦ ᠬᠤᠰᠢᠭᠤᠨ ᠤ 6.4 ᠲᠦᠮᠡᠨ ᠮᠥ ᠪᠣᠭᠤᠳᠠᠶ ᠶᠢᠨ ᠤᠨᠠᠯᠲᠠ ᠶᠢ ᠬᠡᠮᠵᠢᠪᠡ᠃ ︽ᠪᠤᠭᠤᠳᠠᠶ ᠶᠢᠨ ᠤᠨᠠᠯᠲᠠ ᠶᠢ ᠲᠣᠭᠲᠠᠭᠠᠬᠤ ᠳᠤ ᠪᠤᠭᠤᠳᠠᠶ ᠶᠢᠨ ᠥᠨᠳᠥᠷ ᠤᠨᠠᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠪᠠᠭᠲᠠᠨ᠎ᠠ᠃ ᠪᠥᠬᠦ ᠬᠤᠰᠢᠭᠤᠨ ᠤ ᠪᠣᠭᠤᠳᠠᠶ ᠶᠢᠨ ᠲᠠᠷᠢᠮᠠᠯ᠂ ᠳᠠᠷᠢᠬᠤ ᠲᠠᠯᠠᠪᠠᠶ ᠶᠢ ᠨᠡᠮᠡᠭᠳᠡᠭᠦᠯᠬᠦ᠂ ᠳᠠᠷᠢᠬᠤ ᠬᠢᠷᠢ ᠲᠦᠪᠰᠢᠨ ᠪᠠ ᠤᠨᠠᠯᠲᠠ᠂ ᠦᠷ᠎ᠡ ᠠᠰᠢᠭ ᠢ ᠳᠡᠭᠡᠭᠰᠢᠯᠡᠭᠦᠯᠬᠦ ᠪᠣᠯ ᠴᠥᠮ ᠮᠠᠰᠢ ᠰᠠᠶᠢᠨ ᠠᠷᠭ᠎ᠠ ᠬᠡᠮᠵᠢᠶ᠎ᠡ ᠮᠥᠨ᠃ ᠪᠢᠳᠡ ᠤᠨᠠᠯᠲᠠ ᠶᠢ ᠬᠡᠮᠵᠢᠬᠦ ᠪᠠᠷ ᠳᠡᠮᠵᠢᠨ᠂ ᠪᠥᠬᠦ ᠬᠤᠰᠢᠭᠤᠨ ᠤ ᠪᠣᠭᠤᠳᠠᠶ ᠶᠢᠨ ᠦᠢᠯᠡᠳᠪᠦᠷᠢᠯᠡᠯ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠪᠣᠭᠤᠳᠠᠶ ᠶᠢᠨ ᠭᠠᠷᠤᠯᠲᠠ ᠶᠢᠨ ᠮᠡᠳᠡᠭᠡ ᠵᠠᠩᠭᠢ ᠪᠠ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠠᠯᠳᠠ ᠬᠦᠴᠦᠨ ᠢ ᠡᠵᠡᠮᠰᠢᠨ᠂ ᠪᠣᠭᠤᠳᠠᠶ ᠶᠢᠨ ᠦᠢᠯᠡᠳᠪᠦᠷᠢᠯᠡᠯ ᠤᠨ ᠶᠡᠷᠦᠩᠬᠡᠶ ᠪᠠᠶᠢᠳᠠᠯ ᠪᠠ ᠠᠮᠤ ᠪᠤᠳᠠᠭᠠᠨ ᠤ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠠᠩᠬᠠᠨ ᠤ ᠲᠤᠭ᠎ᠠ ᠪᠠᠷᠢᠮᠲᠠ ᠶᠢ ᠬᠠᠩᠭᠠᠬᠤ ᠶᠢ ᠬᠦᠰᠡᠵᠦ ᠪᠠᠶᠢᠨ᠎ᠠ︾ ᠬᠡᠵᠦ ᠤᠷᠠᠳ ᠤᠨ ᠡᠮᠦᠨᠡᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠵᠠᠩ ᠭᠤᠸᠠᠩ ᠰᠣᠷᠪᠣᠯᠵᠢᠯᠠᠭᠴᠢ ᠳᠤ  ᠬᠡᠯᠡᠪᠡ᠃    ᠣᠶᠢᠯᠠᠭᠠᠭᠰᠠᠨ ᠢᠶᠠᠷ᠂ ᠡᠨᠡ ᠵᠢᠯ ᠤᠨ ᠪᠣᠭᠤᠳᠠᠶ ᠶᠢᠨ ᠤᠨᠠᠯᠲᠠ ᠶᠢ ᠬᠡᠮᠵᠢᠬᠦ ᠳᠤ ᠭᠤᠤᠯᠳᠠᠭᠤ ᠣᠨᠣᠯ ᠤᠨ ᠤᠨᠠᠯᠲᠠ ᠪᠠ ᠪᠣᠳᠠᠲᠠᠶ ᠶᠢᠨ ᠬᠤᠷᠢᠶᠠᠯᠲᠠ ᠶᠢᠨ ᠤᠨᠠᠯᠲᠠ ᠶᠢ ᠲᠥᠰᠦᠭᠡᠯᠡᠨ ᠪᠤᠳᠤᠬᠤ ᠬᠤᠶᠠᠷ ᠵᠦᠢᠯ ᠤᠨ ᠠᠷᠭ᠎ᠠ ᠪᠠᠭᠲᠠᠨ᠎ᠠ᠃ ᠣᠨᠣᠯ ᠤᠨ ᠤᠨᠠᠯᠲᠠ ᠶᠢᠨ ᠬᠡᠮᠵᠢᠶ᠎ᠡ ᠶᠢ ᠪᠣᠭᠤᠳᠠᠶ ᠶᠢᠨ ᠨᠢᠭᠡᠴᠢ ᠲᠠᠯᠠᠪᠠᠶ᠂ ᠮᠥ ᠪᠦᠷᠢ ᠶᠢᠨ ᠳᠤᠮᠳᠠᠴᠢ ᠲᠦᠷᠦᠭᠦᠤ ᠶᠢᠨ ᠲᠤᠭ᠎ᠠ᠂ ᠲᠦᠷᠦᠭᠦᠤ ᠶᠢᠨ ᠮᠥᠬᠦᠯᠢᠭ ᠤᠨ ᠲᠤᠭ᠎ᠠ ᠵᠢᠴᠢ ᠮᠢᠩᠭᠠᠨ ᠮᠥᠬᠦᠯᠢᠭ ᠤᠨ ᠬᠦᠨᠳᠦ ᠶᠢᠨ ᠬᠡᠮᠵᠢᠶ᠎ᠡ ᠶᠢ ᠦᠨᠳᠦᠰᠦᠯᠡᠨ ᠲᠥᠰᠦᠭᠡᠯᠡᠨ ᠪᠣᠳᠣᠵᠣ︔ ᠪᠣᠳᠠᠲᠠᠶ ᠶᠢᠨ ᠬᠤᠷᠢᠶᠠᠯᠲᠠ ᠶᠢᠨ ᠭᠠᠷᠤᠯᠲᠠ ᠶᠢᠨ ᠬᠡᠮᠵᠢᠶ᠎ᠡ ᠶᠢ ᠬᠡᠮᠵᠢᠨ ᠪᠤᠳᠤᠬᠤ ᠳᠤ ᠮᠧᠬᠠᠨᠢᠭ ᠪᠤᠶᠤ ᠬᠥᠮᠦᠨ ᠤ ᠬᠦᠴᠦ ᠪᠠᠷ ᠬᠠᠳᠤᠭᠰᠠᠨ ᠤ ᠲᠠᠷᠠᠭ᠎ᠠ᠂ ᠦᠷ᠎ᠡ ᠶᠢᠨ ᠮᠥᠬᠦᠯᠢᠭ ᠤᠨ ᠰᠢᠨ᠎ᠡ ᠰᠣᠷᠭᠤᠭ ᠬᠦᠨᠳᠦ ᠪᠠ ᠤᠰᠤᠨ ᠤ ᠠᠭᠤᠯᠤᠭᠳᠠᠴᠠ ᠶᠢ ᠦᠨᠳᠦᠰᠦᠯᠡᠨ ᠭᠠᠷᠤᠯᠲᠠ ᠶᠢᠨ ᠬᠡᠮᠵᠢᠶ᠎ᠡ ᠶᠢ  ᠪᠣᠳᠣᠳᠠᠭ ᠪᠠᠶᠢᠨ᠎ᠠ᠃                                 ᠴᠠᠶᠢᠨ᠎ᠠ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ