ᠤᠶᠤᠳᠠᠳ ᠠᠵᠢᠯ ᠡᠷᠢᠬᠦ ︽ᠤᠨᠠᠭᠤᠯᠢ︾ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2024/7/31
    ᠤᠶᠢᠷ᠎ᠠ ᠳᠤ᠂ ᠦᠬᠠᠢ ᠨᠤᠳᠤᠬᠳᠠᠢ ᠤᠶᠤᠳᠠᠨ ᠯᠢ ᠤᠪᠤᠬᠳᠤ ᠦᠬᠠᠢ ᠬᠤᠳᠠ ᠶᠢᠨ ᠲᠤᠬᠠᠢ ᠶᠢᠨ ᠭᠠᠵᠠᠷ ᠤᠨ ᠨᠢᠬᠡᠨ ᠵᠢᠷᠬᠢᠶ᠎ᠡ ᠶᠢᠨ ᠤᠯᠠᠨ ᠨᠡᠶᠢᠳᠡ ᠶᠢᠨ ᠳ᠋ᠤᠭᠠᠷ ᠠᠴᠠ ᠨᠢᠬᠡᠨ ᠺᠤᠮᠫᠠᠨᠢ ᠶᠢᠨ ᠠᠵᠢᠯᠳᠠᠨ ᠡᠯᠰᠡᠬᠦ ᠮᠡᠳᠡᠭᠡ ᠵᠠᠩᠬᠢ ᠶᠢ ᠤᠯᠵᠤ ᠦᠵᠡᠬᠡᠳ᠂ ᠴᠠᠯᠢᠩ ᠮᠦᠩᠬᠦ ᠨᠢ ᠦᠨᠳᠦᠷ ᠪᠤᠯᠬᠤᠷ ᠰᠦᠯᠵᠢᠶᠡᠨ ᠲᠡᠭᠡᠷ᠎ᠡ ᠬᠤᠪᠢ ᠬᠦᠮᠦᠨ ᠤ ᠲᠤᠪᠴᠢ ᠨᠠᠮᠳᠠᠷ ᠢᠶᠠᠨ ᠲᠡᠪᠰᠢᠬᠦᠯᠪᠡ᠃ ᠳᠡᠮᠡᠢ ᠤᠳᠠᠯ ᠦᠭᠡᠢ ᠨᠢᠭᠤᠷᠳᠠᠨ ᠰᠢᠯᠭᠠᠬᠤ ᠭᠤᠬᠴᠤᠭ᠎ᠠ ᠪᠤᠯᠵᠦ᠂ ᠳᠤᠰ ᠺᠤᠮᠫᠠᠨᠢ ᠶᠢᠨ ︽ᠨᠢᠭᠤᠷᠳᠠᠨ ᠰᠢᠯᠭᠠᠬᠤ ᠳᠠᠷᠤᠭ᠎ᠠ︾ ᠠᠴᠠ ᠲᠡᠬᠦᠨ ᠢ ᠺᠤᠮᠫᠠᠨᠢ ᠳᠤ ᠠᠵᠢᠯᠯᠠᠵᠤ ᠪᠤᠯᠤᠨ᠎ᠠ᠂ ᠬᠡᠪᠡᠴᠦ ᠤᠳᠤᠬᠠᠨ ᠳᠤ ᠺᠤᠮᠫᠠᠨᠢ ᠶᠢᠨ ᠠᠯᠪᠠᠯᠠᠬᠤ ᠭᠠᠵᠠᠷ ᠢ ᠶᠠᠬ ᠵᠠᠰᠠᠨ ᠴᠢᠮᠡᠭᠯᠡᠵᠦ ᠪᠠᠶᠢᠭ᠎ᠠ ᠪᠤᠯᠬᠤᠷ ᠰᠦᠯᠵᠢᠶᠡᠨ ᠲᠡᠭᠡᠷ᠎ᠡ ᠠᠵᠢᠯᠯᠠᠪᠠᠯ ᠪᠤᠯᠴᠢᠬᠠᠨ᠎ᠠ ᠬᠡᠵᠡᠢ᠃   ᠯᠢ ᠤᠪᠤᠬᠳᠤ ᠡᠬᠢᠯᠡᠨ ᠠᠵᠢᠯᠯᠠᠬᠰᠠᠨ ᠤ ᠳᠠᠷᠠᠭ᠎ᠠ᠂ ︽ᠺᠤᠮᠫᠠᠨᠢ ᠶᠢᠨ ᠲᠠᠭᠠᠭᠠᠮᠠᠯ︾ ᠠᠴᠠ ᠲᠡᠭᠦᠨ ᠢ ᠲᠤᠬᠳᠠᠬᠰᠠᠨ ᠪᠠᠩᠬᠢ ᠳᠤ ᠬᠦᠷᠴᠦ ᠪᠠᠶ᠎ᠠ ᠶᠢᠨ ᠦᠨᠡᠮᠯᠡᠯ ᠢᠶᠠᠷ ᠢᠶᠠᠨ ᠪᠠᠩᠬᠢ ᠶᠢᠨ ᠺᠠᠷᠲ ᠬᠢᠯᠬᠡᠬᠦ ᠶᠢ ᠱᠠᠭᠠᠷᠳᠠᠪᠠ᠃ ᠯᠢ ᠤᠪᠤᠬᠳᠤ ᠺᠠᠷᠲ ᠬᠢᠯᠭᠡᠭᠰᠡᠨ ᠤ ᠲᠠᠷᠠᠭ᠎ᠠ᠂ ᠲᠡᠭᠦᠨ ᠳᠤ ᠺᠤᠮᠫᠠᠨᠢ ᠶᠢᠨ ︽ᠪᠠᠷᠠᠭᠠᠨ ᠤ ᠵᠤᠭᠤᠰ︾ ᠢ ᠲᠤᠰᠴᠤ ᠠᠪᠬᠤ ᠠᠵᠢᠯ ᠳᠤᠬᠢᠷᠠᠭᠤᠯᠵᠦ᠂ ᠯᠢ ᠤᠪᠤᠬᠳᠦ ᠶᠢᠨ ᠪᠠᠩᠬᠢ ᠶᠢᠨ ᠺᠠᠷᠲ ᠲᠤ ᠵᠤᠭᠤᠰ ᠰᠢᠯᠵᠢᠬᠦᠯᠪᠡ᠃   ᠦᠨᠡᠨ ᠳᠡᠭᠡᠨ᠂ ᠳᠤᠰ ᠤᠳᠠᠭ᠎ᠠ ᠶᠢᠨ ᠠᠵᠢᠯᠳᠠᠨ ᠡᠯᠰᠡᠬᠦ ᠶᠠᠪᠤᠳᠠᠯ ᠢ ᠮᠡᠬᠡᠯᠡᠭᠴᠢ ᠠᠴᠠ ᠬᠠᠭᠤᠷᠮᠠᠬᠯᠠᠨ ᠵᠤᠬᠢᠶᠠᠵᠤ᠂ ︽ᠪᠠᠷᠠᠭᠠᠨ ᠤ ᠵᠤᠭᠤᠰ︾ ᠨᠢ ᠶᠠᠯᠠᠳᠤ ᠠᠵᠢᠯᠯᠠᠭ᠎ᠠ ᠳᠤ ᠬᠤᠯᠪᠤᠬᠳᠠᠬᠤ ᠬᠠᠤᠯᠢ ᠪᠤᠰᠤ ᠪᠡᠯᠡ ᠮᠦᠩᠬᠦ ᠪᠠᠶᠢᠵᠤ᠂ ᠯᠢ ᠤᠪᠤᠬᠳᠤ ᠶᠢᠨ ᠪᠠᠩᠬᠢ ᠶᠢᠨ ᠺᠠᠷᠲ ᠨᠢ ︽ᠬᠡᠷᠡᠭ ᠲᠤ ᠬᠤᠯᠪᠤᠬᠳᠠᠬᠰᠠᠨ ᠪᠠᠩᠬᠢ ᠶᠢᠨ ᠺᠠᠷᠲ︾ ᠪᠤᠯᠵᠦ᠂ ᠯᠢ ᠤᠪᠤᠬᠳᠦ ᠴᠦ ᠮᠡᠬᠡᠯᠡᠯ ᠤᠨ ᠬᠡᠷᠡᠭ ᠲᠤ ᠬᠤᠯᠪᠤᠬᠳᠠᠬᠰᠠᠨ ᠪᠠᠶᠢᠨ᠎ᠠ᠃   ᠴᠠᠬᠳᠠᠭ᠎ᠠ ᠶᠢᠨ ᠰᠠᠨᠠᠭᠤᠯᠤᠮᠵᠢ᠄ ᠤᠶᠤᠳᠠᠳ ᠠᠵᠢᠯ ᠡᠷᠢᠬᠦ ᠳᠡᠭᠡᠨ ᠦᠪᠡᠷ ᠤᠨ ᠤᠷ᠎ᠠ ᠴᠢᠳᠠᠪᠤᠷᠢ ᠶᠢᠨ ᠲᠦᠪᠰᠢᠨ ᠢᠶᠠᠨ ᠦᠨᠳᠦᠰᠦᠯᠡᠨ᠂ ᠦᠪᠡᠷ ᠤᠨ ᠬᠦᠰᠡᠵᠦ ᠪᠠᠶᠢᠭ᠎ᠠ ᠬᠦᠯᠦᠰᠦ ᠤᠯᠭᠤᠮᠵᠢ ᠪᠠᠨ ᠵᠤᠬᠢᠰᠳᠠᠢ ᠲᠤᠬᠳᠠᠭᠠᠵᠤ᠂ ᠦᠨᠳᠦᠷ ᠴᠠᠯᠢᠩ ᠬᠦᠯᠦᠰᠦ ᠶᠢᠨ ᠦᠳᠦᠬᠡᠯᠬᠡ ᠠᠴᠠ ᠪᠤᠯᠵᠤ ᠮᠡᠬᠡᠯᠡᠯ ᠤᠨ ︽ᠤᠨᠠᠭᠤᠯᠢ︾ ᠳᠤ ᠤᠨᠠᠬᠤ ᠠᠴᠠ ᠵᠠᠶᠢᠯᠠᠰᠬᠢᠬᠦ ᠬᠡᠷᠡᠭᠳᠡᠢ᠃ ᠰᠡᠵᠢᠭᠯᠡᠯᠳᠡᠢ ᠬᠤᠯᠪᠤᠭᠠᠰᠤ ᠶᠢ ᠬᠢᠴᠢᠶᠡᠮᠵᠢᠳᠡᠢ ᠬᠤᠯᠪᠤᠵᠦ᠂ ᠦᠨᠳᠦᠷ ᠬᠦᠯᠦᠰᠦ ᠤᠯᠭᠤᠮᠵᠢ ᠪᠠᠷ ᠠᠵᠢᠯᠳᠠᠨ ᠡᠯᠰᠡᠬᠦ ᠶᠠᠪᠤᠳᠠᠯ ᠳᠤ ᠰᠡᠷᠡᠮᠵᠢᠳᠡᠢ ᠬᠠᠨᠳᠤᠵᠤ᠂ ᠰᠦᠯᠵᠢᠶᠡᠨ ᠤ ᠮᠡᠳᠡᠭᠡ ᠵᠠᠩᠬᠢ ᠶᠢ ᠪᠤᠯᠭᠤᠮᠵᠢᠳᠠᠢ ᠬᠢᠨᠠᠨ ᠬᠠᠷᠭᠤᠭᠤᠯᠵᠤ᠂ ᠰᠤᠨᠤᠷ ᠰᠡᠷᠡᠮᠵᠢ ᠪᠠᠨ ᠳᠡᠭᠡᠭᠰᠢᠯᠡᠬᠦᠯᠬᠦ ᠬᠡᠷᠡᠭᠳᠡᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ